ᠭᠠᠭ᠋ᠠᠢ ᠶᠢᠨ ᠬᠤᠯᠢᠮᠠᠭ ᠡᠳ᠋ ᠢ ᠬᠡᠷᠡᠭᠯᠡᠬᠦ ᠬᠡᠳᠦᠨ ᠲᠠᠰᠢᠶᠠᠷᠠᠯ
ᠨᠡᠶᠢᠲᠡᠯᠡᠭᠰᠡᠨ ᠴᠠᠭ᠄
2023/7/13
      1. ᠲᠠᠩ ᠭᠠᠭᠴᠠ ᠭᠠᠭ᠋ᠠᠢ ᠶᠢᠨ ᠪᠠᠭᠠᠰᠤᠨ ᠤ ᠥᠩᠭᠡ᠂ ᠬᠠᠲᠠᠭᠤ ᠵᠥᠭᠡᠯᠡᠨ ᠢᠶᠠᠷ ᠪᠣᠷᠳᠤᠭ᠎ᠠ ᠶᠢᠨ ︽ᠰᠠᠶᠢᠨ ᠮᠠᠭᠤ︾ ᠶᠢ ᠮᠠᠭᠠᠳᠯᠠᠬᠤ᠃ ᠭᠠᠭ᠋ᠠᠢ ᠶᠢᠨ ᠪᠠᠭᠠᠰᠤᠨ ᠤ ᠥᠩᠭᠡ ᠨᠢ ᠨᠡᠯᠢᠶᠡᠳ ᠭᠦᠨ ᠪᠠᠶᠢᠳᠠᠭ ᠨᠢ ᠭᠠᠭ᠋ᠠᠢ ᠶᠢᠨ ᠰᠢᠩᠭᠡᠭᠡᠯᠲᠡ ᠰᠠᠶᠢᠨ ᠭᠡᠰᠡᠨ ᠦᠭᠡ ᠪᠢᠰᠢ᠂ ᠨᠢᠭᠡ ᠵᠦᠢᠯ ᠤᠨ ᠵᠡᠰ ᠤᠨ ᠠᠭᠤᠯᠤᠭᠳᠠᠴᠠ ᠪᠠᠷ ᠨᠡᠯᠢᠶᠡᠳ ᠥᠨᠳᠥᠷ ᠪᠣᠷᠳᠤᠭ᠎ᠠ ᠠᠴᠠ ᠪᠣᠯᠤᠭᠰᠠᠨ ᠭᠠᠭ᠋ᠠᠢ ᠶᠢᠨ ᠪᠠᠭᠠᠰᠤᠨ ᠤ ᠥᠩᠭᠡ ᠨᠢ ᠶᠡᠷᠦ ᠳᠡᠭᠡᠨ ᠨᠡᠯᠢᠶᠡᠳ ᠬᠠᠷ᠎ᠠ ᠪᠠᠶᠢᠳᠠᠭ᠃ ᠲᠡᠵᠢᠭᠡᠯ ᠪᠣᠷᠳᠣᠭᠠᠨ ᠳᠤ ᠡᠷᠡᠭᠦᠯ ᠮᠡᠨᠳᠦ ᠶᠢ ᠬᠠᠮᠠᠭᠠᠯᠠᠬᠤ ᠡᠮ ᠡᠯᠪᠡᠭ ᠠᠭᠤᠯᠤᠭᠳᠠᠬᠤ ᠦᠶ᠎ᠡ ᠳᠤ᠂ ᠭᠠᠭ᠋ᠠᠢ ᠶᠢᠨ ᠪᠠᠭᠠᠰᠤᠨ ᠤ ᠥᠩᠭᠡ ᠨᠢ ᠵᠠᠷᠢᠮ ᠳᠠᠭᠠᠨ ᠭᠦᠢᠬᠡᠨ ᠪᠠᠶᠢᠳᠠᠭ᠃ ᠭᠠᠭ᠋ᠠᠢ ᠶᠢᠨ ᠰᠢᠩᠭᠡᠭᠡᠯᠲᠡ ᠶᠢᠨ ᠪᠠᠶᠢᠳᠠᠯ᠂ ᠬᠤᠯᠢᠮᠠᠭ ᠡᠳ᠋ ᠵᠢᠴᠢ ᠪᠤᠰᠤᠳ ᠲᠡᠵᠢᠭᠡᠯ ᠪᠣᠷᠳᠣᠭᠠᠨ ᠤ ᠲᠦᠭᠦᠬᠡᠢ ᠡᠳ᠋ ᠤᠨ ᠲᠥᠷᠥᠯ ᠵᠦᠢᠯ ᠵᠢᠴᠢ ᠲᠣᠬᠢᠷᠠᠭᠤᠯᠤᠯᠲᠠ ᠵᠡᠷᠭᠡ  ᠨᠢ ᠴᠥᠮ ᠭᠠᠭ᠋ᠠᠢ ᠶᠢᠨ ᠪᠠᠭᠠᠰᠤᠨ ᠤ ᠥᠩᠭᠡ ᠪᠠ ᠬᠠᠲᠠᠭᠤ ᠵᠥᠭᠡᠯᠡᠨ ᠢ ᠨᠥᠯᠥᠭᠡᠯᠡᠳᠡᠭ᠃ ᠡᠩ ᠤᠨ ᠪᠠᠶᠢᠳᠠᠯ ᠳᠤ ᠪᠠᠭᠠᠰᠤ ᠰᠢᠭᠡᠰᠦ ᠨᠢ ᠬᠠᠭᠤᠷᠠᠢ ᠴᠤ ᠦᠭᠡᠢ᠂ ᠰᠢᠩᠭᠡᠨ ᠴᠦ ᠦᠭᠡᠢ᠂ ᠦᠮᠡᠬᠡᠢ ᠦᠨᠦᠷ ᠦᠭᠡᠢ ︵ᠭᠡᠪᠡᠴᠦ ᠵᠠᠷᠢᠮ ᠳᠠᠭᠠᠨ ᠰᠢᠪᠲᠦᠷ ᠤᠨ ᠦᠨᠦᠷ ᠲᠠᠢ︶᠂ ᠤᠨᠳᠤᠤ ᠪᠣᠳᠠᠰ ᠦᠭᠡᠢ ᠪᠠᠶᠢᠪᠠᠯ ᠵᠣᠬᠢᠨ᠎ᠠ᠃      2. ᠡᠩ ᠤᠨ ᠴᠢᠨᠠᠷᠲᠠᠢ ᠡᠪᠡᠳᠴᠢᠨ ᠡᠮᠭᠡᠭ ᠡᠭᠦᠰᠬᠦ ᠦᠶ᠎ᠡ ᠳᠤ᠂ ᠲᠡᠵᠢᠭᠡᠯ ᠪᠣᠷᠳᠤᠭ᠎ᠠ ᠠᠴᠠ ᠪᠣᠯᠤᠭᠰᠠᠨ ᠭᠡᠵᠦ ᠠᠳᠡᠭᠦᠷᠡᠬᠦ᠃ ᠭᠠᠭ᠋ᠠᠢ ᠲᠡᠵᠢᠭᠡᠬᠦ ᠶᠠᠪᠤᠴᠠ ᠳᠠᠭᠠᠨ ᠣᠷᠴᠢᠨ ᠲᠣᠭᠤᠷᠢᠨ᠂ ᠭᠠᠭ᠋ᠠᠢ ᠶᠢᠨ ᠡᠭᠦᠯᠳᠡᠷ᠂ ᠲᠡᠵᠢᠭᠡᠪᠦᠷᠢ ᠶᠢᠨ ᠪᠠᠶᠢᠳᠠᠯ ᠵᠡᠷᠭᠡ ᠠᠳᠠᠯᠢ ᠪᠤᠰᠤ ᠰᠢᠯᠲᠠᠭᠠᠨ ᠠᠴᠠ ᠪᠣᠯᠵᠤ ᠠᠳᠠᠯᠢ ᠪᠤᠰᠤ ᠡᠪᠡᠳᠴᠢᠨ ᠡᠮᠭᠡᠭ ᠢ ᠡᠭᠦᠰᠬᠡᠵᠦ᠂ ᠲᠡᠵᠢᠭᠡᠯ ᠪᠣᠷᠳᠤᠭ᠎ᠠ ᠪᠠᠷ ᠰᠢᠭᠤᠳ ᠡᠪᠡᠳᠴᠢᠨ ᠡᠭᠦᠰᠬᠡᠬᠦ ᠨᠢ ᠲᠣᠩ ᠴᠥᠭᠡᠨ ᠪᠠᠶᠢᠳᠠᠭ᠃ ᠶᠡᠷᠦ ᠳᠡᠭᠡᠨ ᠲᠡᠵᠢᠭᠡᠯ ᠪᠣᠷᠳᠤᠭ᠎ᠠ ᠠᠴᠠ ᠪᠣᠯᠤᠭᠰᠠᠨ ᠡᠪᠡᠳᠴᠢᠨ ᠵᠢᠴᠢ ᠬᠡᠪ ᠤᠨ ᠪᠤᠰᠤ ᠪᠠᠶᠢᠳᠠᠯ ᠳᠤ ᠬᠤᠣᠷᠳᠠᠭᠳᠠᠬᠤ᠂ ᠢᠳᠡᠭᠡᠨ ᠤ ᠳᠤᠷᠠᠰᠢᠯ ᠭᠡᠨᠡᠳᠲᠡ ᠬᠤᠪᠢᠷᠠᠬᠤ ᠵᠡᠷᠭᠡ᠃ ᠸᠠᠯᠠᠭᠰᠠᠨ ᠲᠡᠵᠢᠭᠡᠯ ᠪᠣᠷᠳᠤᠭ᠎ᠠ ᠨᠢ ᠵᠠᠷᠢᠮ ᠳᠠᠭᠠᠨ ᠭᠠᠭ᠋ᠠᠢ ᠶᠢ ᠰᠠᠭᠤᠯᠭᠠᠵᠤ᠂ ᠲᠡᠵᠢᠭᠡᠯ ᠪᠣᠷᠳᠣᠭᠠᠨ ᠤ ᠬᠤᠪᠢᠷᠠᠯᠲᠠ ᠨᠢ ᠵᠠᠷᠢᠮ ᠳᠠᠭᠠᠨ ᠭᠠᠭ᠋ᠠᠢ ᠶᠢᠨ ᠢᠳᠡᠭᠡᠨ ᠤ ᠳᠤᠷᠠᠰᠢᠯ ᠢ ᠬᠤᠪᠢᠷᠠᠭᠤᠯᠳᠠᠭ᠃      3. ᠲᠠᠩ ᠭᠠᠭᠴᠠ ᠲᠡᠵᠢᠭᠡᠯ ᠪᠣᠷᠳᠣᠭᠠᠨ ᠤ ᠠᠩᠬᠢᠯᠤᠮ᠎ᠠ ᠦᠨᠦᠷ ᠠᠴᠠ ᠶᠠᠰᠤ ᠴᠢᠨᠠᠷ ᠤᠨ ᠴᠢᠨᠠᠷ ᠰᠠᠶᠢᠲᠠᠢ ᠶᠢ ᠮᠠᠭᠠᠳᠯᠠᠬᠤ᠃ ᠡᠩ ᠤᠨ ᠲᠡᠵᠢᠭᠡᠯ ᠪᠣᠷᠳᠤᠭ᠎ᠠ ᠳᠤ ᠭᠠᠭ᠋ᠠᠢ ᠶᠢᠨ ᠢᠳᠡᠭᠡᠨ ᠤ ᠳᠤᠷᠠᠰᠢᠯ ᠢ ᠨᠡᠮᠡᠭᠳᠡᠭᠦᠯᠬᠦ ᠶᠢᠨ ᠲᠥᠯᠥᠭᠡ ᠵᠣᠬᠢᠬᠤ ᠬᠡᠮᠵᠢᠶᠡᠨ ᠤ ᠠᠩᠬᠢᠯᠤᠮ᠎ᠠ ᠦᠨᠦᠷᠲᠦ ᠡᠳ᠋ ᠨᠡᠮᠡᠳᠡᠭ᠂ ᠭᠡᠪᠡᠴᠦ ᠲᠡᠶᠢᠮᠦ ᠠᠩᠬᠢᠯᠤᠮ᠎ᠠ ᠲᠡᠵᠢᠭᠡᠯ ᠪᠣᠷᠳᠤᠭ᠎ᠠ ᠶᠢ ᠭᠠᠭ᠋ᠠᠢ ᠶᠢᠨ ᠢᠳᠡᠬᠦ ᠳᠤᠷᠠᠲᠠᠢ ᠵᠦᠢᠯ ᠭᠡᠵᠦ ᠬᠡᠯᠡᠬᠦ ᠶᠢᠨ ᠠᠷᠭ᠎ᠠ ᠦᠭᠡᠢ᠃ ᠭᠠᠭ᠋ᠠᠢ ᠶᠡᠷᠦ ᠳᠡᠭᠡᠨ ᠰᠦᠨ ᠤ ᠠᠩᠬᠢᠯᠤᠮ᠎ᠠ ᠦᠨᠦᠷ᠂ ᠵᠢᠭᠠᠰᠤᠨ ᠤ ᠰᠢᠩᠬᠡᠭ ᠦᠨᠦᠷ᠂ ᠭᠦᠵᠡᠯᠵᠡᠭᠡᠨ᠎ᠡ ᠶᠢᠨ ᠦᠨᠦᠷ ᠵᠡᠷᠭᠡ ᠳᠤ ᠳᠤᠷᠠᠲᠠᠢ ᠪᠠᠶᠢᠳᠠᠭ᠃ ᠵᠠᠷᠢᠮ ᠦᠢᠯᠡᠳᠪᠦᠷᠢ ᠶᠢᠨ ᠬᠢᠨ ᠬᠡᠷᠡᠭᠯᠡᠭᠴᠢᠳ ᠤᠨ ᠠᠩᠬᠠᠷᠤᠯ ᠢ ᠲᠠᠲᠠᠬᠤ ᠶᠢᠨ ᠲᠥᠯᠥᠭᠡ ᠨᠡᠯᠢᠶᠡᠳ ᠠᠷᠪᠢᠨ ᠠᠩᠬᠢᠯᠤᠮ᠎ᠠ ᠦᠨᠦᠷᠲᠦ ᠡᠳ᠋ ᠢ ᠨᠡᠮᠡᠵᠦ ᠣᠷᠣᠭᠤᠯᠤᠭᠰᠠᠨ ᠨᠢ ᠵᠥᠪᠬᠡᠨ ᠲᠡᠵᠢᠭᠡᠯ ᠪᠣᠷᠳᠣᠭᠠᠨ ᠤ ᠠᠰᠢᠭ ᠦᠭᠡᠢ ᠥᠪᠡᠷ ᠤᠨ ᠦᠷᠲᠡᠭ ᠢ ᠨᠡᠮᠡᠭᠳᠡᠭᠦᠯᠦᠭᠰᠡᠨ ᠲᠡᠳᠦᠢ ᠶᠤᠮ᠃      4. ᠭᠠᠭ᠋ᠠᠢ ᠶᠢᠨ ᠥᠰᠦᠯᠲᠡ ᠶᠢᠨ ᠱᠠᠲᠤᠨ ᠳᠤ ᠴᠢᠭᠯᠡᠭᠦᠯᠦᠨ ᠬᠤᠯᠢᠮᠠᠭ ᠡᠳ᠋ ᠲᠤ ᠪᠤᠰᠤᠳ ᠲᠦᠭᠦᠬᠡᠢ ᠡᠳ᠋ ᠢ ᠳᠤᠷ᠎ᠠ ᠪᠠᠷ ᠢᠶᠠᠨ ᠨᠡᠮᠡᠵᠦ ᠤᠷᠤᠭᠤᠯᠬᠤ᠃ ᠵᠢᠱᠢᠶᠡᠯᠡᠪᠡᠯ ᠳᠤᠮᠳᠠ ᠵᠡᠷᠭᠡ ᠶᠢᠨ ᠭᠠᠭ᠋ᠠᠢ ᠶᠢᠨ ᠬᠤᠯᠢᠮᠠᠭ ᠡᠳ᠋ ᠢᠶᠠᠷ ᠲᠤᠷᠤᠢ ᠶᠢ ᠲᠡᠵᠢᠭᠡᠬᠦ᠂ ᠪᠦᠳᠦᠭᠦᠨ ᠭᠠᠭ᠋ᠠᠢ ᠶᠢ ᠲᠡᠵᠢᠭᠡᠬᠦ ᠪᠠᠷ ᠪᠤᠳᠤᠶ᠎ᠠ᠃ ᠢᠩᠭᠢᠵᠦ ᠲᠡᠵᠢᠭᠡᠬᠦ ᠠᠷᠭ᠎ᠠ ᠨᠢ ᠭᠠᠭ᠋ᠠᠢ ᠶᠢᠨ ᠬᠠᠮᠤᠭ ᠤᠨ ᠶᠡᠭᠡ ᠥᠰᠦᠯᠲᠡ ᠶᠢᠨ ᠴᠢᠳᠠᠪᠤᠷᠢ ᠶᠢ ᠪᠠᠳᠠᠷᠠᠭᠤᠯᠵᠤ ᠴᠢᠳᠠᠬᠤ ᠦᠭᠡᠢ ᠮᠥᠷᠲᠡᠭᠡᠨ ᠲᠡᠵᠢᠭᠡᠯ ᠪᠣᠷᠳᠤᠭ᠎ᠠ ᠶᠢᠨ ᠥᠪᠡᠷ ᠤᠨ ᠥᠷᠲᠡᠭ ᠢ ᠴᠦ ᠨᠡᠮᠡᠭᠳᠡᠭᠦᠯᠳᠡᠭ᠃ 4% ᠶᠢᠨ ᠬᠤᠯᠢᠮᠠᠭ ᠡᠳ᠋ ᠢᠶᠠᠷ ᠳᠠᠪᠤᠰᠤ ᠨᠡᠮᠡᠪᠡᠯ ᠰᠢᠮ᠎ᠡ ᠲᠡᠵᠢᠭᠡᠯ ᠨᠡᠮᠡᠭᠰᠡᠨ ᠰᠢᠭ ᠪᠣᠯᠪᠠᠴᠤ ᠳᠠᠪᠤᠰᠤ ᠬᠡᠲᠦᠷᠬᠡᠢ ᠠᠷᠪᠢᠨ ᠨᠡᠮᠡᠪᠡᠯ ᠬᠥᠩᠭᠡᠨ ᠬᠡᠮᠵᠢᠶᠡᠨ ᠤ ᠬᠤᠣᠷᠳᠠᠯᠭ᠎ᠠ ᠶᠢ ᠡᠭᠦᠰᠬᠡᠵᠦ ᠮᠡᠳᠡᠨ᠎ᠡ᠃ ᠢᠯᠡᠭᠦᠴᠡ ᠲᠡᠵᠢᠭᠡᠯ ᠪᠣᠷᠳᠣᠭᠠᠨ ᠤ ᠲᠦᠭᠦᠬᠡᠢ ᠡᠳ᠋ ᠢ ᠨᠡᠮᠡᠪᠡᠯ ᠭᠡᠳᠡᠷᠭᠦ ᠪᠠᠨ ᠲᠡᠵᠢᠭᠡᠨ ᠦᠷᠡᠵᠢᠭᠦᠯᠬᠦ ᠠᠰᠢᠭ ᠬᠤᠨᠵᠢᠪᠤᠷᠢ ᠶᠢ ᠪᠠᠭᠤᠷᠠᠭᠤᠯᠳᠠᠭ᠂ ᠭᠡᠪᠡᠴᠦ ᠵᠠᠷᠢᠮ ᠳᠠᠭᠠᠨ ᠵᠥᠪ ᠣᠨᠣᠪᠴᠢᠲᠠᠶ ᠵᠢᠭᠠᠨ ᠵᠢᠯᠣᠭᠤᠳᠤᠭᠰᠠᠨ ᠪᠠᠶᠢᠳᠠᠯ ᠳᠣᠣᠷ᠎ᠠ ᠲᠣᠬᠢᠷᠠᠮᠵᠢᠲᠠᠢ ᠪᠤᠰᠤᠳ ᠪᠣᠳᠠᠰ ᠢ ᠨᠡᠮᠡᠬᠦ ᠨᠢ ᠪᠦᠲᠦᠮᠵᠢᠲᠡᠶ ᠨᠥᠬᠦᠪᠦᠷᠢ ᠪᠣᠯᠣᠨ᠎ᠠ᠃ ᠵᠢᠱᠢᠶᠡᠯᠡᠪᠡᠯ ᠲᠣᠬᠢᠷᠠᠭᠤᠯᠬᠤ ᠴᠢᠨᠠᠷᠲᠠᠢ ᠪᠠᠷ ᠡᠮᠲᠦ ᠪᠣᠳᠠᠰ᠂ ᠬᠥᠬᠡ ᠡᠪᠡᠰᠦ ᠶᠢ ᠬᠡᠮᠬᠡᠴᠢᠬᠦ ᠵᠡᠷᠭᠡ ᠶᠢ ᠨᠡᠮᠡᠵᠦ ᠤᠷᠤᠭᠤᠯᠬᠤ ᠵᠡᠷᠭᠡ ᠪᠣᠯᠤᠨ᠎ᠠ᠃      5. ᠭᠠᠭ᠋ᠠᠢ ᠶᠢᠨ ᠪᠡᠶ᠎ᠡ ᠶᠢᠨ ᠪᠠᠶᠢᠳᠠᠯ ᠂ ᠭᠠᠷᠭᠠᠯᠲᠠ ᠶᠢᠨ ᠦᠨ᠎ᠡ ᠶᠢ ᠬᠡᠲᠦᠷᠬᠡᠢ ᠬᠥᠭᠡᠭᠡᠴᠡᠯᠳᠦᠭᠰᠡᠨ ᠤ ᠤᠯᠠᠮ ᠠᠴᠠ ᠬᠥᠭᠡᠷᠦᠭᠦᠯᠬᠦ ᠡᠮ ᠪᠤᠶᠤ ᠲᠡᠭᠦᠨ ᠤ ᠨᠡᠮᠡᠯᠲᠡ ᠡᠳ᠋ ᠲᠠᠢ ᠪᠦᠳᠦᠭᠦᠨ ᠭᠠᠭ᠋ᠠᠢ ᠶᠢᠨ ᠪᠣᠷᠳᠤᠭ᠎ᠠ ᠶᠢ ᠬᠡᠷᠡᠭᠯᠡᠬᠦ ᠶᠠᠪᠤᠳᠠᠯ ᠨᠢ ᠨᠡᠶᠢᠭᠡᠮ ᠳᠤ ᠵᠣᠬᠢᠬᠤ ᠬᠡᠮᠵᠢᠶᠡᠨ ᠤ ᠮᠠᠭᠤ ᠨᠥᠯᠥᠭᠡ ᠦᠵᠡᠭᠦᠯᠦᠭᠰᠡᠨ ᠨᠢᠭᠡ ᠵᠦᠢᠯ ᠤᠨ ᠵᠦᠢ ᠪᠤᠰᠤ ᠠᠵᠢᠯᠯᠠᠭ᠎ᠠ ᠮᠥᠨ ᠃ ᠠᠮᠤᠷ ᠲᠦᠪᠰᠢᠨ᠂ ᠣᠷᠴᠢᠨ ᠠᠬᠤᠢ ᠶᠢ ᠬᠠᠮᠠᠭᠠᠯᠠᠬᠤ ᠴᠢᠨᠠᠷ ᠰᠠᠶᠢᠲᠠᠢ ᠲᠡᠵᠢᠭᠡᠯ ᠪᠣᠷᠳᠤᠭ᠎ᠠ ᠶᠢ ᠬᠡᠷᠡᠭᠯᠡᠬᠦ ᠪᠣᠯ ᠰᠠᠶ᠋ᠢ ᠲᠡᠵᠢᠭᠡᠨ ᠦᠷᠡᠵᠢᠭᠦᠯᠬᠦ ᠶᠢᠨ ᠬᠥᠭᠡᠭᠡᠴᠡᠯᠳᠦᠬᠦ ᠬᠠᠷᠠᠯᠲᠠ ᠮᠥᠨ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号