ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠲᠤᠰᠠᠯᠠᠭᠴᠢ ᠤᠷᠢᠬᠤ ᠠᠯᠪᠠᠨ ᠵᠠᠷ
ᠨᠡᠶᠢᠲᠡᠯᠡᠭᠰᠡᠨ ᠴᠠᠭ᠄
2023/7/14
      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠡᠳ᠋ ᠤᠨ ᠵᠠᠰᠠᠭ ᠤᠨ ᠶᠠᠮᠤᠨ ᠵᠡᠷᠭᠡ 6 ᠰᠠᠯᠠᠭ᠎ᠠ ᠮᠥᠴᠢᠷ ᠤᠨ ︽ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠨᠡᠭᠡᠭᠡᠨ ᠬᠥᠭᠵᠢᠭᠦᠯᠬᠦ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠳᠤ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠠᠵᠢᠯ ᠣᠯᠭᠤᠬᠤ ᠶᠢ ᠵᠣᠷᠢᠭᠵᠢᠭᠤᠯᠬᠤ ᠲᠤᠬᠠᠢ ᠮᠡᠳᠡᠭᠳᠡᠯ︾ ︵ᠤᠯᠤᠰ ᠰᠢᠨᠵᠢᠯᠡᠬᠦ ᠤᠬᠠᠭᠠᠨ ᠬᠥᠭᠵᠢᠭᠦᠯᠬᠦ ᠡᠬᠢ ᠪᠠᠶᠠᠯᠢᠭ ﹇2020﹈ 132 ᠳ᠋ᠤᠭᠠᠷ ᠲᠣᠭᠠᠲᠤ︶ ᠪᠠ ︽ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠡᠭᠦᠷᠭᠡ ᠲᠣᠬᠢᠷᠠᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠢᠨᠵᠢᠯᠡᠬᠦ ᠪᠦᠲᠦᠭᠡᠨ ᠥᠰᠥᠭ ﹇2023﹈ 29 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠡᠳᠦᠭᠡ ᠨᠡᠶᠢᠭᠡᠮ ᠨᠡᠶᠢᠲᠡ ᠠᠴᠠ ᠣᠷᠣᠨ ᠲᠤᠭ᠎ᠠ ᠠᠴᠠ ᠭᠠᠳᠠᠨᠠᠬᠢ 2 ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢ ᠢᠯᠡ ᠪᠠᠷ ᠡᠯᠰᠡᠵᠦ ᠪᠠᠶᠢᠨ᠎ᠠ᠃      ᠨᠢᠭᠡ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ      ᠭᠤᠣᠯ ᠡᠭᠦᠷᠭᠡ ᠬᠠᠷᠢᠭᠤᠴᠠᠯᠭ᠎ᠠ  ᠨᠢ ᠰᠤᠳᠤᠯᠭᠠᠨ ᠤ ᠪᠦᠯᠬᠦᠮ ᠢ ᠬᠠᠮᠵᠢᠨ ᠰᠤᠳᠤᠯᠭᠠᠨ ᠤ ᠠᠵᠢᠯ ᠢ ᠪᠡᠶᠡᠯᠡᠭᠦᠯᠵᠦ ᠂ ᠰᠤᠳᠤᠯᠭᠠᠨ ᠤ ᠲᠤᠭ᠎ᠠ ᠪᠠᠷᠢᠮᠲᠠ ᠶᠢ ᠴᠤᠭᠯᠠᠭᠤᠯᠬᠤ ᠂ ᠡᠮᠬᠢᠳᠬᠡᠬᠦ ᠂ ᠵᠠᠳᠠᠯᠬᠤ ᠪᠠ ᠰᠢᠢᠳᠪᠦᠷᠢᠯᠡᠬᠦ ᠂ ᠲᠦᠷᠦᠯ ᠵᠦᠢᠯ ᠢ ᠲᠤᠷᠰᠢᠨ ᠠᠵᠢᠯᠯᠠᠭᠤᠯᠬᠤ ᠶᠢ ᠪᠡᠶᠡᠯᠡᠭᠦᠯᠬᠦ ᠶᠢᠨ ᠬᠠᠮᠲᠤ ᠳᠦᠭᠦᠮ ᠵᠠᠳᠠᠯᠤᠯᠲᠠ ᠬᠢᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠵᠣᠬᠢᠶᠠᠨ ᠪᠠᠶᠢᠭᠤᠯᠬᠤ ᠪᠠ ᠬᠠᠮᠢᠶᠠᠷᠬᠤ ᠵᠢᠴᠢ ᠡᠷᠳᠡᠮ ᠰᠢᠨᠵᠢᠯᠡᠭᠡᠨ ᠤ ᠥᠭᠦᠯᠡᠯ ᠢ ᠬᠠᠮᠵᠢᠨ ᠨᠡᠶᠢᠲᠡᠯᠡᠬᠦ ᠵᠡᠷᠭᠡ ᠠᠵᠢᠯ ᠢ ᠪᠡᠶᠡᠯᠡᠭᠦᠯᠦᠨ᠎ᠡ ᠃      ᠬᠤᠶᠠᠷ᠂ ᠤᠷᠢᠭᠳᠠᠬᠤ ᠦᠨᠳᠦᠰᠦᠨ ᠱᠠᠭᠠᠷᠳᠠᠯᠭ᠎ᠠ     ︵ ᠨᠢᠭᠡ ︶ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠢᠶᠠᠷ ᠴᠢᠩᠭ᠎ᠠ ᠂ ᠰᠤᠷᠭᠠᠨ ᠬᠥᠮᠦᠵᠢᠯ ᠤᠨ ᠦᠢᠯᠡᠰ ᠲᠤ ᠬᠠᠶᠢᠷᠠᠲᠠᠢ ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠡᠷᠬᠢᠮᠯᠡᠨ ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠤᠷᠤᠭᠰᠢᠯᠠᠨ ᠲᠡᠪᠰᠢᠬᠤ ᠵᠣᠷᠢᠭ ᠲᠠᠢ ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠪᠠᠶᠢᠬᠤᠬᠡᠷᠡᠭᠲᠡᠢ︔     ︵ ᠬᠤᠶᠠᠷ ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ︔     ︵ ᠭᠤᠷᠪᠠ ︶ ᠵᠣᠬᠢᠴᠠᠩᠭᠤᠢ ᠠᠵᠢᠯ ᠤᠨ ᠪᠠᠶᠢᠷᠢ ᠶᠢᠨ ᠠᠵᠢᠯ ᠢ ᠡᠭᠦᠷᠭᠡᠯᠡᠬᠦ ᠳᠤ ᠱᠠᠭᠠᠷᠳᠠᠭᠳᠠᠬᠤ ᠲᠤᠰᠬᠠᠢ ᠮᠡᠷᠭᠡᠵᠢᠯ ᠂ ᠮᠡᠳᠡᠯᠭᠡ ᠂ ᠴᠢᠳᠠᠪᠤᠷᠢ ᠪᠠ ᠬᠡᠪ ᠪᠣᠯᠪᠠᠰᠤᠷᠠᠯ ᠵᠢᠴᠢ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠵᠣᠬᠢᠴᠠᠭᠰᠠᠨ ᠪᠡᠶ᠎ᠡ ᠮᠠᠬᠠᠪᠤᠳ ᠤᠨ ᠨᠥᠬᠦᠴᠡᠯ ᠲᠠᠢ ᠪᠠᠶᠢᠬᠤ ᠬᠡᠷᠡᠭᠲᠡᠢ︔     ︵ᠳᠥᠷᠪᠡ︶ ᠤᠷᠢᠭᠳᠠᠭᠰᠠᠳ  ᠨᠢ ᠲᠣᠰ ᠵᠢᠯ ᠤᠨ ᠳᠡᠭᠡᠳᠦ ᠰᠤᠷᠭᠠᠭᠤᠯᠢ ᠲᠡᠭᠦᠰᠦᠭᠴᠢᠳ ᠪᠠᠶᠢᠵᠤ᠂ ᠶᠠᠳᠠᠭᠤ  ᠠᠴᠠ ᠠᠩᠭᠢᠵᠢᠷᠠᠭᠰᠠᠨ ᠭᠡᠷ ᠪᠦᠯᠢ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠠᠵᠢᠯ ᠣᠯᠭᠤᠯᠲᠠ ᠦᠭᠡᠢ ᠭᠡᠷ ᠪᠦᠯᠢ ᠵᠢᠴᠢ ᠵᠡᠮᠳᠡᠭ ᠲᠠᠢ ᠲᠣᠰ ᠵᠢᠯ ᠤᠨ ᠳᠡᠭᠡᠳᠦ ᠰᠤᠷᠭᠠᠭᠤᠯᠢ ᠲᠡᠭᠦᠰᠦᠭᠴᠢᠳ ᠠᠴᠠ ᠤᠷᠢᠳᠠᠪᠠᠷ ᠡᠯᠰᠡᠨ᠎ᠡ᠃      ᠭᠤᠷᠪᠠ᠂ ᠠᠵᠢᠯ ᠤᠨ ᠪᠠᠶᠢᠷᠢ ᠶᠢᠨ ᠱᠠᠭᠠᠷᠳᠠᠯᠭ᠎ᠠ      ︵ ᠨᠢᠭᠡ ︶ ᠨᠡᠯᠢᠶᠡᠳ ᠰᠠᠶᠢᠨ ᠦᠰᠦᠭ ᠪᠢᠴᠢᠭ ᠤᠨ ᠰᠠᠭᠤᠷᠢ ᠲᠠᠢ ᠪᠠᠶᠢᠵᠤ ᠂ ᠦᠷᠭᠦᠯᠵᠢ ᠬᠡᠷᠡᠭᠯᠡᠳᠡᠭ ᠠᠯᠪᠠᠨ ᠠᠵᠢᠯ ᠤᠨ ᠵᠥᠭᠡᠯᠡᠨ ᠲᠤᠨᠤᠬ ᠢ ᠪᠣᠯᠪᠠᠰᠤᠷᠠᠩᠭᠤᠢ ᠡᠵᠡᠮᠰᠢᠭᠰᠡᠨ ᠪᠠᠶᠢᠬᠤ ᠬᠡᠷᠡᠭᠲᠡᠢ᠃      ︵ ᠬᠤᠶᠠᠷ ︶ ᠨᠠᠷᠢᠨ ᠬᠢᠨᠠᠮᠠᠭᠠᠢ ᠂ ᠰᠠᠶᠢᠨ ᠰᠠᠶᠢᠬᠠᠨ ᠰᠤᠷᠤᠯᠴᠠᠬᠤ ᠴᠢᠳᠠᠪᠤᠷᠢ ᠲᠠᠢ ᠂ ᠨᠡᠪᠲᠡᠷᠡᠯᠴᠡᠬᠦ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠲᠠᠢ ᠪᠠᠶᠢᠬᠤ ᠬᠡᠷᠡᠭᠲᠡᠢ︔      ︵ ᠭᠤᠷᠪᠠ ︶ Excel ᠂ world ᠵᠡᠷᠭᠡ ᠪᠦᠷᠢᠳᠬᠡᠯ ᠤᠨ ᠵᠠᠳᠠᠯᠤᠯᠲᠠ ᠶᠢᠨ ᠵᠥᠭᠡᠯᠡᠨ ᠳᠤᠨᠤᠭ ᠵᠡᠷᠭᠡ ᠶᠢ ᠪᠣᠯᠪᠠᠰᠤᠷᠠᠩᠭᠤᠢ ᠬᠡᠷᠡᠭᠯᠡᠨ ᠲᠤᠷᠰᠢᠯᠲᠠ ᠶᠢᠨ ᠲᠤᠭ᠎ᠠ ᠪᠠᠷᠢᠮᠲᠠ ᠶᠢ ᠡᠮᠬᠢᠯᠡᠬᠦ ᠂ ᠵᠠᠳᠠᠯᠬᠤ ᠵᠢᠴᠢ ᠵᠢᠷᠤᠭ ᠬᠦᠰᠦᠨᠦᠭᠲᠦ ᠶᠢ ᠵᠢᠷᠤᠵᠤ ᠪᠦᠲᠦᠭᠡᠬᠦ ᠵᠡᠷᠭᠡ ᠠᠵᠢᠯ ᠢ ᠬᠢᠵᠦ ᠴᠢᠳᠠᠬᠤ ᠬᠡᠷᠡᠭᠲᠡᠢ᠃     ᠳᠥᠷᠪᠡ᠂ ᠤᠷᠢᠨ ᠬᠡᠷᠡᠭᠯᠡᠬᠦ ᠠᠵᠢᠯ ᠤᠨ ᠪᠠᠶᠢᠷᠢ᠂ ᠬᠥᠮᠥᠨ ᠤ ᠲᠤᠭ᠎ᠠ ᠵᠢᠴᠢ ᠲᠤᠰᠢᠶᠠᠯ ᠡᠭᠦᠷᠭᠡᠯᠡᠬᠦ ᠨᠥᠬᠦᠴᠡᠯ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 1︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 2︶ ᠳᠤ ᠨᠠᠷᠢᠪᠴᠢᠯᠠᠨ ᠦᠵᠡᠭᠡᠷᠡᠢ᠃     ᠲᠠᠪᠤ᠂ ᠨᠡᠷ᠎ᠡ ᠮᠡᠳᠡᠭᠦᠯᠬᠦ ᠬᠤᠭᠤᠴᠠᠭ᠎ᠠ ᠪᠠ ᠠᠷᠭ᠎ᠠ ᠮᠠᠶ᠋ᠢᠭ     ︵ᠨᠢᠭᠡ︶ ᠨᠡᠷ᠎ᠡ ᠮᠡᠳᠡᠭᠦᠯᠬᠦ ᠬᠤᠭᠤᠴᠠᠭ᠎ᠠ ᠄ ᠲᠣᠰ ᠡᠳᠦᠷ ᠠᠴᠠ ᠡᠬᠢᠯᠡᠨ 2023 ᠣᠨ ᠤ 7 ᠰᠠᠷ᠎ᠠ ᠶᠢᠨ 18 ᠤ ᠡᠳᠦᠷ ᠳᠠᠭᠤᠰᠲᠠᠯ᠎ᠠ ᠃     ︵ᠬᠤᠶᠠᠷ︶ ᠨᠡᠷ᠎ᠡ ᠮᠡᠳᠡᠭᠦᠯᠬᠦ ᠠᠷᠭ᠎ᠠ᠄ ︽ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ ᠤᠷᠢᠭᠳᠠᠬᠤ ᠨᠡᠷ᠎ᠡ ᠮᠡᠳᠡᠭᠦᠯᠬᠦ ᠬᠦᠰᠦᠨᠦᠭᠲᠦ︾ ᠬᠢᠭᠡᠳ ᠬᠠᠮᠢᠶ᠎ᠠ ᠪᠦᠬᠦᠢ ᠤᠷᠢᠭᠳᠠᠬᠤ ᠮᠠᠲ᠋ᠧᠷᠢᠶᠠᠯ ︵ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ᠂ ᠬᠠᠮᠢᠶ᠎ᠠ ᠪᠦᠬᠦᠢ ᠬᠢᠷᠢ ᠬᠡᠮ ᠤᠨ ᠦᠨᠡᠮᠯᠡᠯ ᠪᠠ ᠭᠡᠷᠡᠴᠢᠯᠡᠬᠦ ᠮᠠᠲ᠋ᠧᠷᠢᠶᠠᠯ︶ ᠤᠨ ᠰᠢᠷᠪᠢᠯᠲᠡ ᠶᠢᠨ ᠮᠠᠲ᠋ᠧᠷᠢᠶᠠᠯ ᠢ ᠲᠠᠭᠯᠠᠨ ᠪᠢᠴᠢᠬᠦ ᠶᠢᠨ ᠬᠠᠮᠲᠤ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠵᠢᠭᠠᠨ ᠲᠣᠭᠲᠠᠭᠠᠭᠰᠠᠨ ᠢᠮᠧᠯ ᠳᠤ ᠬᠦᠷᠭᠡᠬᠦ ᠬᠡᠷᠡᠭᠲᠡᠢ ᠂ ᠰᠢᠤᠳᠠᠨ ᠤ ᠵᠦᠢᠯ ᠤᠨ ᠭᠠᠷᠴᠠᠭ ᠢ ᠨᠢᠭᠡᠲᠦᠯᠲᠠᠢ ᠪᠠᠷ ᠄ 2023 ᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤᠲᠤᠰᠠᠯᠠᠭᠴᠢ + ᠣᠪᠣᠭ ᠨᠡᠷ᠎ᠡ᠃      ᠮᠠᠨ ᠤ ᠨᠢᠭᠡᠴᠢ ᠤᠷᠢᠭᠳᠠᠭᠰᠠᠳ ᠤᠨ ᠤᠷᠢᠭᠳᠠᠬᠤ ᠨᠥᠬᠦᠴᠡᠯ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠳ ᠲᠤ ᠨᠢᠭᠤᠷᠲᠠᠨ ᠰᠢᠯᠭᠠᠬᠤ ᠴᠠᠭ ᠢ ᠠᠰ ᠲᠤᠨᠢ ᠮᠡᠳᠡᠭᠳᠡᠨ᠎ᠡ᠂ ᠨᠢᠭᠤᠷᠲᠠᠨ ᠰᠢᠯᠭᠠᠬᠤ ᠭᠤᠭᠴᠤᠭ᠎ᠠ ᠳᠤ ᠣᠷᠤᠭᠰᠠᠨ ᠦᠭᠡᠢ ᠬᠥᠮᠥᠰ ᠲᠤ ᠳᠠᠭᠢᠵᠤ ᠠᠰ ᠲᠤᠨᠢ ᠮᠡᠳᠡᠭᠳᠡᠬᠦ ᠦᠭᠡᠢ᠃      ᠵᠢᠷᠭᠤᠭ᠎ᠠ᠂ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠣᠯᠭᠤᠮᠵᠢ ᠵᠢᠴᠢ ᠬᠠᠮᠢᠶᠠᠷᠤᠯᠲᠠ      ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠨᠢ ᠲᠦᠷ ᠴᠠᠭ ᠤᠨ ᠴᠢᠨᠠᠷᠲᠠᠢ ᠠᠵᠢᠯ ᠤᠨ ᠪᠠᠶᠢᠷᠢ ᠳᠤ ᠬᠠᠷᠢᠶᠠᠯᠠᠭᠳᠠᠨ᠎ᠠ ᠂ ᠠᠵᠢᠯ ᠦᠢᠯᠡᠰ ᠤᠨ ᠣᠷᠣᠨ ᠲᠤᠭ᠎ᠠ ᠪᠢᠰᠢ ︔ ᠤᠷᠢᠨ ᠬᠡᠷᠡᠭᠯᠡᠬᠦ ᠴᠠᠯᠢᠩ ᠢ ᠲᠤᠰ ᠵᠢᠯ ᠤᠨ ᠬᠥᠬᠡᠬᠤᠲᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠬᠤ ᠦᠭᠡᠢ ᠃      ᠲᠤᠯᠤᠭ᠎ᠠ ᠂ ᠪᠤᠰᠤᠳ ᠵᠦᠢᠯ      ︵ᠨᠢᠭᠡ︶ ᠤᠷᠢᠭᠳᠠᠭᠰᠠᠳ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠢᠯᠡ ᠪᠠᠷ ᠤᠷᠢᠬᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ ᠂ ᠤᠷᠢᠭᠳᠠᠭᠰᠠᠳ ᠤᠨ ᠠᠯᠢᠪᠠ ᠱᠠᠲᠤ ᠦᠶ᠎ᠡ ᠵᠢᠴᠢ ᠲᠤᠷᠰᠢᠨ ᠬᠡᠷᠡᠭᠯᠡᠬᠦ ᠬᠤᠭᠤᠴᠠᠭᠠᠨ ᠳᠤ ᠤᠷᠢᠭᠳᠠᠭᠰᠠᠳ ᠨᠢ ᠤᠷᠢᠭᠳᠠᠬᠤ ᠨᠥᠬᠦᠴᠡᠯ ᠲᠠᠢ ᠪᠠᠨ ᠨᠡᠶᠢᠴᠡᠬᠦ ᠦᠭᠡᠢ ᠪᠤᠶᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠳ ᠢ ᠣᠯᠵᠤ ᠮᠡᠳᠡᠪᠡᠯ᠂ ᠤᠷᠢᠨ ᠬᠡᠷᠡᠭᠯᠡᠬᠦ ᠬᠢᠷᠢ ᠬᠡᠮ ᠢ ᠨᠢ ᠴᠥᠮ ᠬᠦᠴᠦᠨ ᠦᠭᠡᠢ ᠪᠣᠯᠭᠠᠨ᠎ᠠ᠃      ︵ᠬᠤᠶᠠᠷ︶ ᠠᠵᠢᠯᠲᠠᠨ ᠡᠯᠰᠡᠭᠰᠡᠨ ᠦᠷ᠎ᠡ ᠳ᠋ᠦᠩ ᠢ ᠤᠲᠠᠰᠤ ᠪᠠᠷ ᠳᠠᠮᠵᠢᠭᠤᠯᠤᠨ ᠮᠡᠳᠡᠭᠳᠡᠨ᠎ᠡ᠂ ᠴᠢᠮᠡᠭᠡ ᠨᠡᠪᠲᠡᠷᠡᠯᠭᠡ ᠰᠠᠭᠠᠳ ᠦᠭᠡᠢ ᠪᠠᠶᠢᠬᠤ ᠶᠢ ᠪᠠᠲᠤᠯᠠᠭᠠᠷᠠᠢ᠃ ᠬᠡᠷᠪᠡ ᠤᠷᠢᠭᠳᠠᠭᠰᠠᠳ ᠨᠢ ᠲᠣᠭᠲᠠᠭᠰᠠᠨ ᠴᠠᠭ ᠤᠨ ᠳᠣᠲᠣᠷ᠎ᠠ ᠬᠤᠯᠪᠣᠭᠳᠠᠯ ᠪᠦᠬᠦᠢ ᠵᠢᠷᠤᠮ ᠢ ᠪᠡᠶᠡᠯᠡᠭᠦᠯᠦᠭᠰᠡᠨ ᠦᠭᠡᠢ ᠪᠠᠶᠢᠪᠠᠯ ᠂ ᠡᠷᠬᠡ ᠪᠠᠨ ᠬᠠᠶᠠᠭᠰᠠᠨ ᠢᠶᠠᠷ ᠦᠵᠡᠨ᠎ᠡ ᠃      ︵ᠭᠤᠷᠪᠠ︶ ᠲᠣᠰ ᠤᠳᠠᠭᠠᠨ ᠤ ᠤᠷᠢᠨ ᠬᠡᠷᠡᠭᠯᠡᠬᠦ ᠶᠢ ᠲᠠᠶᠢᠯᠪᠤᠷᠢᠯᠠᠬᠤ ᠡᠷᠬᠡ ᠨᠢ ᠤᠷᠢᠨ ᠬᠡᠷᠡᠭᠯᠡᠬᠦ ᠭᠤᠣᠯ ᠴᠣᠭᠴᠠ ᠳᠤ ᠬᠠᠷᠢᠶᠠᠯᠠᠭᠳᠠᠨ᠎ᠠ᠂ ᠠᠯᠪᠠᠨ ᠵᠠᠷ ᠲᠠᠬᠢ ᠬᠢᠵᠦ ᠳᠠᠭᠤᠰᠤᠭᠠᠳᠤᠢ ᠵᠦᠢᠯ ᠵᠢᠴᠢ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠠᠰᠠᠭᠤᠨ ᠯᠠᠪᠯᠠᠭᠠᠷᠠᠢ᠃      ᠨᠠᠢᠮᠠ ᠂ ᠬᠠᠷᠢᠯᠴᠠᠬᠤ ᠠᠷᠭ᠎ᠠ ᠬᠡᠯᠪᠡᠷᠢ      ᠬᠠᠷᠢᠯᠴᠠᠬᠤ ᠤᠲᠠᠰᠤ᠄ 0471-3598542    0471-6300782       ᠳᠠᠭᠠᠯᠳᠤᠭᠤᠯᠤᠯ 1 ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠲᠤᠰᠠᠯᠠᠭᠴᠢ ᠶᠢᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠬᠦᠰᠦᠨᠦᠭᠲᠦ      ᠳᠠᠭᠠᠯᠳᠤᠭᠤᠯᠤᠯ 2 ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                              2023 ᠣᠨ ᠤ 7 ᠰᠠᠷ᠎ᠠ ᠶᠢᠨ 13 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号