ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢᠨ ᠰᠡᠷᠡᠮᠵᠢᠯᠡᠭᠦᠯᠦᠯ
ᠨᠡᠶᠢᠲᠡᠯᠡᠭᠰᠡᠨ ᠴᠠᠭ᠄
2023/7/14
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ 2023 ᠣᠨ ᠤ 7 ᠰᠠᠷ᠎ᠠ ᠶᠢᠨ 13 ᠤ ᠡᠳᠦᠷ ᠤᠨ 17 ᠴᠠᠭ 00 ᠮᠢᠨᠦ᠋ᠲ ᠲᠤ ᠬᠠᠮᠲᠤᠷᠠᠨ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠰᠡᠷᠡᠮᠵᠢᠯᠡᠭᠦᠯᠦᠯ ᠢ ᠬᠠᠮᠲᠤᠷᠠᠨ ᠨᠡᠶᠢᠲᠡᠯᠡᠪᠡ᠄      ᠵᠡᠭᠦᠨ ᠬᠤᠶᠢᠲᠤ ᠣᠷᠣᠨ ᠤ ᠬᠦᠢᠲᠡᠨ ᠤᠷᠤᠰᠬᠠᠯ ᠤᠨ ᠨᠥᠯᠥᠭᠡ ᠪᠠᠷ᠂ ᠵᠢᠱᠢᠯᠲᠡ ᠪᠠᠷ 2023 ᠣᠨ ᠤ 7 ᠰᠠᠷ᠎ᠠ ᠶᠢᠨ 13 ᠤ ᠡᠳᠦᠷ ᠠᠴᠠ 7 ᠰᠠᠷ᠎ᠠ ᠶᠢᠨ 15 ᠤ ᠡᠳᠦᠷ ᠪᠣᠯᠲᠠᠯ᠎ᠠ ᠮᠠᠨ ᠤ ᠣᠷᠣᠨ ᠤ ᠳᠤᠮᠳᠠ ᠬᠡᠰᠡᠭ ᠤᠨ ᠵᠡᠭᠦᠨ ᠬᠤᠶᠢᠲᠤ ᠣᠷᠣᠨ ᠪᠠ ᠵᠡᠭᠦᠨ ᠬᠡᠰᠡᠭ ᠤᠨ ᠭᠠᠵᠠᠷ ᠣᠷᠣᠨ ᠳᠤ ᠬᠡᠰᠡᠭ ᠭᠠᠵᠠᠷ ᠣᠷᠣᠨ ᠳᠤ ᠠᠭᠠᠳᠠᠷ ᠪᠣᠷᠣᠭᠠᠨ ᠣᠷᠣᠨ᠎ᠠ᠃ ᠲᠠᠷᠢᠶᠠᠨ ᠭᠠᠵᠠᠷ ᠤᠨ ᠦᠶᠡᠷ ᠤᠰᠤᠲᠤᠯ ᠤᠨ ᠠᠶᠤᠯ ᠲᠦᠭᠰᠢᠭᠦᠷᠢ ᠶᠡᠬᠡᠲᠡᠢ ᠣᠷᠣᠨ ᠨᠢ ᠭᠤᠣᠯᠳᠠᠭᠤ ᠬᠢᠩᠭᠠᠨ ᠠᠶᠢᠮᠠᠭ ᠤᠨ ᠵᠡᠭᠦᠨ ᠪᠡᠶ᠎ᠡ ᠶᠢᠨ ᠬᠤᠶᠢᠭᠤᠷᠬᠢ ᠭᠠᠵᠠᠷ ᠣᠷᠣᠨ ᠳᠤ ᠲᠥᠪᠯᠡᠷᠡᠵᠦ᠂ ᠲᠠᠷᠢᠶᠠᠨ ᠭᠠᠵᠠᠷ ᠤᠨ ᠦᠶᠡᠷ ᠤᠰᠤᠲᠤᠯ ᠤᠨ ᠲᠦᠭᠰᠢᠭᠦᠷᠢ ᠶᠡᠬᠡᠲᠡᠢ ᠣᠷᠣᠨ ᠨᠢ ᠭᠤᠣᠯᠳᠠᠭᠤ ᠬᠥᠯᠥᠨ ᠪᠤᠶᠢᠷ ᠬᠤᠲᠠ ᠶᠢᠨ ᠪᠠᠷᠠᠭᠤᠨ ᠬᠡᠰᠡᠭ ᠪᠠ ᠡᠮᠦᠨ᠎ᠡ ᠬᠡᠰᠡᠭ᠂ ᠬᠢᠩᠭᠠᠨ ᠠᠶᠢᠮᠠᠭ ᠤᠨ ᠳᠤᠮᠳᠠ ᠬᠡᠰᠡᠭ ᠤᠨ ᠵᠡᠭᠦᠨ ᠬᠡᠰᠡᠭ᠂ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ᠂ ᠲᠦᠩᠯᠢᠶᠣᠣ ᠬᠤᠲᠠ ᠶᠢᠨ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠬᠤᠶᠢᠲᠤ ᠬᠡᠰᠡᠭ ᠤᠨ ᠬᠡᠰᠡᠭ ᠪᠤᠰᠠᠭ ᠭᠠᠵᠠᠷ ᠣᠷᠣᠨ ᠢᠶᠠᠷ ᠲᠠᠷᠬᠠᠵᠤ᠂ ᠲᠠᠷᠢᠶᠠᠨ ᠭᠠᠵᠠᠷ ᠤᠨ ᠦᠶᠡᠷ ᠤᠰᠤᠲᠤᠯ ᠤᠨ ᠳᠤᠮᠳᠠᠬᠢ ᠲᠦᠭᠰᠢᠭᠦᠷᠢ ᠶᠡᠬᠡᠲᠡᠢ ᠣᠷᠣᠨ ᠨᠢ ᠭᠤᠣᠯᠳᠠᠭᠤ ᠮᠠᠨ ᠤ ᠣᠷᠣᠨ ᠤ ᠳᠤᠮᠳᠠ ᠵᠡᠭᠦᠨ ᠬᠡᠰᠡᠭ ᠪᠠ ᠪᠠᠷᠠᠭᠤᠨ ᠬᠡᠰᠡᠭ ᠤᠨ ᠡᠮᠦᠨᠡᠰᠢ ᠬᠡᠰᠡᠭ ᠪᠤᠰᠠᠭ ᠭᠠᠵᠠᠷ ᠣᠷᠣᠨ ᠢᠶᠠᠷ ᠲᠠᠷᠬᠠᠵᠤ ᠪᠠᠶᠢᠨ᠎ᠠ᠃ ᠣᠳᠣᠬᠠᠨ ᠳᠤ᠂ ᠪᠥᠬᠦ ᠣᠷᠣᠨ ᠤ ᠶᠡᠬᠡᠩᠬᠢ ᠭᠠᠵᠠᠷ ᠣᠷᠣᠨ ᠤ ᠡᠷᠳᠡᠨᠢ ᠰᠢᠰᠢ ᠲᠦᠷᠦᠭᠦᠳᠡᠬᠦ ᠬᠤᠭᠤᠴᠠᠭᠠᠨ ᠳᠤ ᠣᠷᠣᠵᠤ᠂ ᠵᠡᠭᠦᠨ ᠬᠡᠰᠡᠭ ᠤᠨ ᠭᠠᠵᠠᠷ ᠣᠷᠣᠨ ᠤ ᠰᠢᠷ᠎ᠠ ᠪᠤᠷᠴᠠᠭ ᠴᠡᠴᠡᠭᠯᠡᠬᠦ ᠬᠤᠭᠤᠴᠠᠭᠠᠨ ᠳᠤ ᠣᠷᠣᠵᠤ᠂ ᠲᠥᠮᠥᠰᠥ ᠨᠢ ᠴᠣᠮᠣᠷᠯᠢᠭ ᠠᠴᠠ  ᠴᠡᠴᠡᠭᠯᠡᠬᠦ ᠬᠦᠷᠲᠡᠯᠡᠬᠢ ᠬᠤᠭᠤᠴᠠᠭᠠᠨ ᠳᠤ ᠣᠷᠣᠰᠢᠵᠤ᠂ ᠲᠣᠰ ᠡᠭᠡᠯᠵᠢ ᠶᠢᠨ ᠪᠣᠷᠣᠭᠠᠨ ᠣᠷᠣᠬᠤ ᠣᠷᠣᠨ ᠬᠢᠭᠡᠳ ᠡᠮᠦᠨᠡᠬᠢ ᠬᠤᠭᠤᠴᠠᠭᠠᠨ ᠤ ᠰᠢᠷᠦᠭᠦᠨ ᠪᠣᠷᠣᠭᠠᠨ ᠣᠷᠣᠬᠤ ᠣᠷᠣᠨ ᠨᠢ ᠳᠡᠭᠡᠳᠦ ᠬᠡᠮᠵᠢᠶ᠎ᠡ ᠪᠠᠷ ᠳᠠᠪᠬᠤᠴᠠᠵᠤ᠂ ᠬᠤᠲᠣᠭᠤᠷ ᠳᠣᠣᠷ᠎ᠠ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠠᠮᠠᠷᠬᠠᠨ ᠬᠡᠲᠦ ᠳᠡᠪᠲᠦᠭᠡᠵᠦ ᠂ ᠲᠠᠷᠢᠮᠠᠯ ᠤᠨ ᠦᠨᠳᠦᠰᠦ ᠶᠢᠨ ᠰᠢᠰᠲ᠋ᠧᠮ ᠢ ᠬᠦᠴᠢᠯᠲᠥ᠋ᠷᠥᠭᠴᠢ ᠳᠤᠲᠠᠭᠳᠠᠭᠤᠯᠵᠤ᠂ ᠤᠰᠤᠲᠤᠯ ᠤᠨ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠶᠢᠨ ᠲᠠᠷᠢᠶᠠᠨ ᠳᠠᠬᠢ ᠲᠠᠷᠢᠮᠠᠯ ᠤᠨ ᠥᠰᠦᠯᠲᠡ ᠪᠤᠶᠢᠵᠢᠯᠲᠠ ᠳᠤ ᠦᠵᠡᠭᠦᠯᠬᠦ ᠠᠰᠢᠭ ᠦᠭᠡᠢ ᠨᠥᠯᠥᠭᠡ ᠶᠢ ᠬᠦᠨᠳᠦᠷᠡᠭᠦᠯᠵᠦ ᠮᠡᠳᠡᠨ᠎ᠡ ︵ ᠳᠠᠭᠠᠯᠳᠤᠭᠤᠯᠤᠯ ᠵᠢᠷᠤᠭ︶᠃      ᠰᠡᠷᠭᠡᠶᠢᠯᠡᠬᠦ ᠠᠷᠭ᠎ᠠ ᠪᠣᠳᠣᠯᠭ᠎ᠠ ᠄       ᠨᠢᠭᠡ ᠳᠤ ᠴᠠᠭ ᠲᠤᠬᠠᠢ ᠳᠤ  ᠨᠢ ᠤᠰᠤᠲᠤᠯ ᠢ ᠵᠠᠯᠠᠨ ᠴᠢᠬᠢᠭ ᠢ ᠲᠠᠷᠬᠠᠭᠠᠵᠤ ᠂ ᠨᠠᠮ ᠲᠤᠤᠷ᠎ᠠ ᠠᠮᠠᠷᠬᠠᠨ ᠤᠰᠤᠲᠤᠬᠤ ᠭᠠᠵᠠᠷ ᠤᠨ ᠬᠡᠰᠡᠭ ᠲᠤ ᠴᠠᠭ ᠲᠤᠬᠠᠢ ᠳᠤ  ᠨᠢ ᠤᠰᠤ ᠵᠠᠯᠠᠬᠤ ᠰᠤᠪᠠᠭ ᠪᠠ ᠤᠰᠤ ᠬᠤᠷᠠᠬᠤ ᠨᠦᠬᠡ ᠮᠠᠯᠲᠠᠬᠤ ᠂ ᠵᠢᠴᠢ ᠭᠤᠤ ᠰᠤᠪᠠᠭ ᠢ ᠨᠡᠪᠲᠡᠷᠡᠭᠦᠯᠬᠦ ᠪᠠ ᠮᠠᠰᠢᠨ ᠢᠶᠠᠷ ᠵᠠᠪᠳᠤᠨ ᠵᠠᠯᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠂ ᠬᠤᠷᠠᠮᠠᠯ ᠤᠰᠤ ᠶᠢ ᠵᠠᠪᠳᠤᠨ ᠭᠠᠳᠠᠭᠰᠢᠯᠠᠭᠤᠯᠵᠤ᠂ ᠤᠰᠤ ᠶᠢ ᠲᠠᠳᠠᠷᠠᠭᠤᠯᠤᠨ ᠤᠰᠤᠲᠤᠯ ᠢ ᠳᠣᠷᠣᠭᠰᠢᠯᠠᠭᠤᠯᠵᠤ ᠂ ᠲᠤᠨᠤᠮᠠᠯ ᠴᠢᠭᠢᠭ ᠢ ᠠᠷᠢᠯᠭᠠᠨ᠂ ᠦᠨᠳᠦᠰᠦᠨ ᠤ ᠰᠢᠰᠲ᠋ᠧᠮ ᠪᠠ ᠤᠷᠭᠤᠮᠠᠯ ᠤᠨ ᠳᠠᠬᠢᠨ ᠣᠷᠭᠤᠬᠤ ᠶᠢ ᠠᠬᠢᠭᠤᠯᠵᠤ ᠂ ᠤᠰᠤ ᠬᠤᠷᠠᠭᠰᠠᠨ ᠠᠴᠠ ᠪᠣᠯᠵᠤ ᠡᠷᠲᠡ ᠮᠠᠭᠤᠳᠠᠬᠤ ᠂ ᠴᠢᠬᠢ ᠦᠬᠦᠬᠦ ᠵᠡᠷᠭᠡ ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ ᠃      ᠬᠤᠶᠠᠷ ᠲᠤ ᠤᠰᠤᠲᠤᠭᠰᠠᠨ ᠭᠠᠵᠠᠷ ᠤᠨ ᠢᠯᠵᠢᠷᠡᠭᠰᠡᠨ ᠨᠠᠪᠴᠢ ᠂ ᠰᠢᠷ᠎ᠠ ᠨᠠᠪᠴᠢ ᠶᠢ ᠴᠠᠭ ᠲᠤᠬᠠᠢ ᠳᠤ  ᠨᠢ ᠴᠡᠪᠡᠷᠯᠡᠨ ᠠᠷᠢᠯᠭᠠᠵᠤ ᠂ ᠤᠰᠤ ᠲᠠᠲᠠᠷᠠᠭᠤᠯᠤᠭᠰᠠᠨ ᠤ ᠳᠠᠷᠠᠭ᠎ᠠ ᠤᠷᠭᠤᠮᠠᠯ ᠤᠨ ᠡᠰᠢ ᠨᠠᠮᠠᠭ᠎ᠠ ᠶᠢ ᠴᠠᠭ ᠲᠤᠬᠠᠢ ᠳᠤ  ᠨᠢ ᠲᠤᠯᠵᠤ ᠪᠣᠰᠬᠠᠬᠤ ᠬᠡᠷᠡᠭᠲᠡᠢ︔ ᠤᠰᠤ ᠲᠠᠲᠠᠷᠠᠭᠤᠯᠤᠭᠰᠠᠨ ᠤ ᠳᠠᠷᠠᠭ᠎ᠠ ᠳᠠᠷᠤᠢ ᠲᠦᠷᠭᠡᠨ ᠭᠦᠢᠴᠡᠳ ᠬᠡᠮᠵᠢᠶᠡᠨ ᠤ ᠪᠣᠷᠳᠣᠭᠤᠷ ᠣᠷᠣᠭᠤᠯᠵᠤ ᠂ ᠦᠨᠳᠦᠰᠦ ᠶᠢ ᠨᠢ ᠲᠡᠵᠢᠭᠡᠵᠦ ᠨᠠᠪᠴᠢ ᠶᠢ ᠨᠢ ᠬᠠᠮᠠᠭᠠᠯᠠᠬᠤ ᠬᠡᠷᠡᠭᠲᠡᠢ︔ ᠨᠡᠯᠢᠶᠡᠳ ᠬᠦᠨᠳᠦ ᠭᠠᠮᠰᠢᠭᠳᠠᠭᠰᠠᠨ ᠭᠠᠵᠠᠷ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠵᠡᠷᠭᠡ ᠪᠣᠷᠳᠣᠭᠤᠷ ᠪᠠ ᠰᠥᠷᠬᠦ ᠶᠢ ᠡᠰᠡᠷᠭᠦᠴᠡᠬᠦ ᠨᠠᠶᠢᠷᠠᠯᠭ᠎ᠠ ᠶᠢ ᠰᠦᠷᠴᠢᠨ ᠣᠷᠣᠭᠤᠯᠬᠤ ᠪᠠᠷ ᠳᠠᠮᠵᠢᠭᠤᠯᠤᠨ ᠂ ᠪᠣᠷᠳᠣᠭᠤᠷ ᠤᠰᠤ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠵᠦ ᠂ ᠲᠠᠷᠢᠮᠠᠯ ᠤᠨ ᠰᠡᠷᠭᠦᠭᠡᠯᠲᠡ ᠶᠢᠨ ᠥᠰᠦᠯᠲᠡ ᠶᠢ  ᠲᠦᠷᠭᠡᠨ ᠠᠬᠢᠭᠤᠯᠬᠤ ᠬᠡᠷᠡᠭᠲᠡᠢ ᠃      ᠭᠤᠷᠪᠠ ᠳᠤ ᠤᠰᠤᠲᠤᠯ  ᠠᠴᠠ ᠪᠤᠯᠵᠦ ᠬᠤᠷᠢᠶᠠᠯᠲᠠ ᠠᠯᠳᠠᠭᠰᠠᠨ ᠭᠠᠵᠠᠷ ᠲᠤ ᠭᠠᠮᠰᠢᠭ ᠠᠴᠠ ᠠᠪᠤᠷᠠᠬᠤ ᠦᠷ᠎ᠡ ᠶᠢ ᠡᠷᠲᠡᠬᠡᠨ ᠪᠡᠯᠡᠳᠬᠡᠵᠦ ᠂ ᠦᠷᠡᠵᠢᠯ ᠤᠨ ᠣᠬᠤᠷ ᠬᠤᠭᠤᠴᠠᠭᠠᠨ ᠤ ᠲᠠᠷᠢᠮᠠᠯ ᠪᠠ ᠲᠡᠵᠢᠭᠡᠯ ᠡᠪᠡᠰᠦ ᠵᠡᠷᠭᠡ ᠶᠢ ᠴᠠᠭ ᠲᠤᠬᠠᠢ ᠳᠤ  ᠨᠢ ᠨᠥᠬᠦᠪᠦᠷᠢᠯᠡᠨ ᠥᠭᠡᠷᠡᠴᠢᠯᠡᠨ ᠲᠠᠷᠢᠵᠤ ᠂ ᠦᠢᠯᠡᠳᠪᠦᠷᠢᠯᠡᠯ ᠢᠶᠠᠨ ᠲᠦᠷᠭᠡᠨ ᠰᠡᠷᠭᠦᠭᠡᠵᠦ ᠂ ᠭᠠᠮᠰᠢᠭ ᠤᠨ ᠬᠤᠬᠢᠷᠠᠯ ᠢ ᠪᠠᠭᠠᠰᠬᠠᠬᠤ ᠬᠡᠷᠡᠭᠲᠡᠢ ᠃ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ ᠂ ᠦᠶᠡᠷ ᠤᠰᠤᠲᠤᠯ ᠮᠥᠨᠳᠥᠷ ᠵᠡᠷᠭᠡ ᠭᠠᠮᠰᠢᠭ ᠭᠠᠷᠬᠤ ᠶᠢ ᠤᠷᠢᠳᠴᠢᠯᠠᠨ ᠰᠡᠷᠭᠡᠶᠢᠯᠡᠵᠦ ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠲᠣᠬᠢᠶᠠᠯᠳᠤᠪᠠᠯ ᠂ ᠲᠠᠷᠢᠶᠠᠨ ᠭᠠᠵᠠᠷ ᠲᠤ ᠠᠵᠢᠯᠯᠠᠬᠤ ᠶᠢ ᠴᠢᠩᠭ᠎ᠠ ᠴᠠᠭᠠᠵᠠᠯᠠᠵᠤ ᠂ ᠬᠥᠮᠥᠰ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃
图片1.png
       ᠳᠠᠭᠠᠯᠳᠤᠭᠤᠯᠤᠯ ᠵᠢᠷᠤᠭ   7 ᠰᠠᠷ᠎ᠠ ᠶᠢᠨ 13 ᠤ ᠡᠳᠦᠷ ᠠᠴᠠ 7 ᠰᠠᠷ᠎ᠠ ᠶᠢᠨ 15 ᠤ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号