ᠮᠠᠨ ᠤ ᠤᠷᠤᠨ ᠤᠯᠠᠨ ᠠᠷᠭ᠎ᠠ ᠬᠡᠮᠵᠢᠶ᠎ᠡ ᠠᠪᠴᠦ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠪᠠᠷ ᠴᠢᠷᠮᠠᠶᠢᠵᠤ ᠪᠤᠢ
ᠨᠡᠶᠢᠲᠡᠯᠡᠭᠰᠡᠨ ᠴᠠᠭ᠄
2023/7/14
      ᠮᠠᠨ ᠤ ᠤᠷᠤᠨ ᠤᠯᠠᠨ ᠠᠷᠭ᠎ᠠ ᠬᠡᠮᠵᠢᠶ᠎ᠡ ᠪᠠᠷ ᠠᠮᠤ ᠪᠤᠳᠠᠭᠠᠨ ᠤ ᠤᠨᠠᠯᠳᠠ ᠶᠢ ᠬᠦᠴᠦᠯᠡᠨ ᠨᠡᠮᠡᠭᠳᠡᠭᠦᠯᠵᠤ᠂ ᠡᠨᠡ ᠵᠢᠯ ᠪᠦᠬᠦ ᠣᠷᠣᠨ ᠤ ᠠᠮᠤ ᠪᠤᠳᠠᠭ᠎ᠠ ᠪᠠ ᠰᠢᠷ᠎ᠠ ᠪᠤᠷᠴᠠᠭ ᠤᠨ ᠲᠠᠷᠢᠮᠠᠯ ᠤᠨ ᠲᠠᠯᠠᠪᠠᠢ ᠪᠦᠷ ᠤᠯᠤᠰ ᠠᠴᠠ ᠳᠠᠭᠠᠭᠠᠯᠭᠠᠭᠰᠠᠨ ᠡᠭᠦᠷᠭᠡ ᠶᠢ ᠲᠠᠪᠠᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠳᠤ ᠪᠠᠳᠤ ᠰᠠᠭᠤᠷᠢ ᠶᠢ ᠲᠠᠯᠪᠢᠵᠠᠢ᠃      ᠮᠠᠨ ᠤ ᠤᠷᠤᠨ ᠠᠮᠤ ᠪᠤᠳᠠᠭᠠᠨ ᠤ ᠲᠠᠷᠢᠮᠠᠯ ᠲᠠᠷᠢᠬᠤ ᠶᠢ ᠳᠡᠮᠵᠢᠬᠦ ᠬᠠᠮᠢᠶ᠎ᠠ ᠪᠦᠬᠦᠢ ᠮᠡᠳᠡᠭᠡ ᠵᠠᠩᠬᠢ ᠶᠢ ᠢᠳᠡᠪᠬᠢᠲᠡᠢ ᠲᠠᠷᠬᠠᠭᠠᠵᠤ᠂ ᠤᠯᠤᠰ ᠤᠨ ᠲᠠᠷᠢᠶᠠᠨ ᠭᠠᠵᠠᠷ ᠤᠨ ᠬᠦᠷᠤᠰᠤᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ᠂ ᠠᠮᠤ ᠪᠤᠳᠠᠭ᠎ᠠ ᠲᠠᠷᠢᠭᠰᠠᠳ ᠤᠨ ᠨᠥᠬᠦᠪᠥᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ᠂ ᠲᠠᠷᠢᠶᠠᠨ ᠭᠠᠵᠠᠷ ᠤᠨ ᠰᠡᠯᠬᠦᠨ ᠲᠠᠷᠢᠬᠤ ᠨᠥᠬᠦᠪᠥᠷᠢ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ 159.6 ᠳ᠋ᠦᠩᠰᠢᠭᠤᠷ ᠲᠥᠭᠦᠷᠢᠭ ᠤᠨ ᠡᠯ᠎ᠡ ᠲᠥᠷᠥᠯ ᠤᠨ ᠪᠡᠯᠡ ᠮᠥᠩᠭᠦ ᠶᠢ ᠴᠠᠭ ᠲᠤᠬᠠᠢ ᠳᠤᠨᠢ ᠪᠠᠭᠤᠯᠭᠠᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠪᠠ ᠃ ᠡᠬᠦᠨ ᠤ ᠬᠠᠮᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠡᠯ᠎ᠡ ᠠᠶᠢᠮᠠᠭ ᠬᠤᠲᠠ ᠯᠤᠭ᠎ᠠ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠪᠥᠭᠡᠳ ᠠᠮᠤ ᠪᠤᠳᠠᠭᠠᠨ ᠤ ᠦᠢᠯᠡᠳᠪᠦᠷᠢᠯᠡᠯ ᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠰᠢᠯᠭᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠤᠭᠰᠠᠨ ᠪᠠᠶᠢᠨ᠎ᠠ ᠃      ᠦᠪᠡᠷᠳᠡᠬᠡᠨ ᠵᠠᠰᠠᠬᠤ ᠤᠷᠤᠨ ᠠᠴᠠ ᠪᠠᠰᠠ ᠡᠯ᠎ᠡ ᠲᠥᠷᠥᠯ ᠤᠨ ᠪᠡᠯᠡ ᠮᠥᠩᠭᠦ ᠶᠢ 5 ᠳ᠋ᠦᠩᠰᠢᠭᠤᠷ ᠭᠠᠷᠤᠢ ᠲᠥᠭᠦᠷᠢᠭ ᠨᠡᠶᠢᠳᠭᠡᠵᠦ ᠂ ᠡᠷᠳᠡᠨᠢ ᠰᠢᠰᠢ᠂ ᠰᠢᠷ᠎ᠠ ᠪᠤᠷᠴᠠᠭ᠂ ᠪᠤᠭᠤᠳᠠᠢ᠂ ᠲᠥᠮᠥᠰᠥ᠂ ᠤᠰᠤᠨ ᠲᠤᠲᠤᠷᠭ᠎ᠠ ᠵᠡᠷᠭᠡ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠢ ᠲᠦᠪᠯᠡᠷᠡᠬᠦᠯᠦᠨ ᠬᠡᠷᠡᠭᠯᠡᠬᠦ ᠪᠠᠷ ᠭᠤᠤᠯ ᠪᠣᠯᠭᠠᠨ ᠰᠠᠶᠢᠨ ᠡᠭᠦᠯᠳᠡᠷ ᠢ ᠰᠣᠩᠭᠤᠵᠤ᠂ ᠰᠠᠶᠢᠨ ᠮᠡᠷᠭᠡᠵᠢᠯ ᠢ ᠳᠡᠯᠭᠡᠷᠡᠭᠦᠯᠤᠨ᠂ ᠰᠠᠶᠢᠨ ᠳᠦᠷᠢᠮ ᠢ ᠪᠣᠢ ᠪᠣᠯᠭᠠᠵᠤ᠂ ᠲᠤᠨ ᠤ ᠤᠨᠠᠯᠳᠠ ᠲᠠᠢ ᠠᠮᠤ ᠪᠤᠳᠠᠭᠠᠨ ᠤ ᠲᠠᠷᠢᠶ᠎ᠠ ᠶᠢ ᠡᠭᠦᠳᠦᠨ ᠪᠠᠶᠢᠭᠤᠯᠬᠤ ᠂ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠ ᠰᠢᠷ᠎ᠠ ᠪᠤᠷᠴᠠᠭ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ︽ᠭᠤᠷᠪᠠᠨ ᠶᠡᠭᠡ ᠢᠨᠵᠧᠨᠧᠷᠢᠩ︾ ᠢ ᠥᠷᠨᠢᠭᠦᠯᠪᠡ᠃ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠠᠩᠭᠢᠨ ᠬᠤᠶᠢᠲᠤ ᠬᠤᠰᠢᠭᠤ ᠪᠠ ᠵᠠᠯᠠᠶᠢᠳ ᠬᠤᠰᠢᠭᠤᠨ ᠳᠤ ᠤᠯᠤᠰ ᠤᠨ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢ ᠭᠤᠶᠤᠴᠢᠯᠠᠨ ᠣᠯᠵᠤ᠂ ᠡᠷᠳᠡᠨᠢ ᠰᠢᠰᠢ ᠶᠢ ᠨᠢᠭᠲᠠ ᠲᠠᠷᠢᠬᠤ ᠵᠡᠷᠭᠡ ᠤᠨᠠᠯᠲᠠ ᠰᠠᠶᠢᠲᠠᠢ ᠥᠨᠳᠥᠷ ᠦᠷ᠎ᠡ ᠠᠰᠢᠭᠳᠤ ᠮᠡᠷᠭᠡᠵᠢᠯ ᠢ ᠶᠡᠭᠡ ᠪᠠᠷ ᠳᠡᠯᠭᠡᠷᠡᠭᠦᠯᠦᠨ᠂ ᠨᠠᠶᠢᠲᠡ 500 ᠲᠦᠮᠡᠨ ᠮᠥ ᠶᠢᠨ ᠤᠨᠠᠯᠲᠠ ᠰᠠᠶᠢᠲᠠᠢ ᠥᠨᠳᠥᠷ ᠦᠷ᠎ᠡ ᠠᠰᠢᠭᠳᠤ ᠵᠢᠱᠢᠶ᠎ᠠ ᠦᠵᠡᠭᠦᠯᠬᠦ ᠰᠠᠭᠤᠷᠢᠨ ᠢ ᠪᠣᠢ ᠪᠣᠯᠭᠠᠵᠤ᠂ ᠪᠦᠬᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠤᠨᠠᠯᠳᠠ ᠶᠢ ᠶᠡᠭᠡ ᠬᠡᠪᠴᠢᠶ᠎ᠡ ᠪᠠᠷ ᠲᠡᠩᠴᠡᠭᠦᠷᠢᠲᠡᠢ ᠪᠠᠷ ᠨᠡᠮᠡᠭᠳᠡᠭᠦᠯᠬᠦ ᠶᠢ ᠳᠠᠶᠢᠴᠢᠯᠠᠭᠰᠠᠨ ᠪᠠᠶᠢᠨ᠎ᠠ ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号