ᠪᠥᠬᠦ ᠣᠷᠣᠨ ᠤ ᠠᠯᠢᠰᠤ ᠳᠠᠷᠢᠬᠤ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠬᠢᠩᠭᠠᠨ ᠠᠶᠢᠮᠠᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2023/7/16
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠳᠤ ᠴᠢᠭᠯᠡᠭᠦᠯᠦᠨ᠂ ᠡᠪᠡᠰᠦᠨ ᠤ ᠠᠵᠤ ᠦᠢᠯᠡᠰ ᠤᠨ ᠠᠵᠢᠯ ᠢ ᠳᠠᠬᠢᠨ ᠰᠤᠳᠤᠯᠵᠤ ᠳᠠᠬᠢᠨ ᠪᠠᠶᠢᠷᠢᠯᠠᠭᠤᠯᠬᠤ ᠶᠢᠨ ᠲᠦᠯᠦᠭᠡ᠂ 7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠩᠭᠠᠨ ᠠᠶᠢᠮᠠᠭ ᠲᠤ ᠪᠥᠬᠦ ᠣᠷᠣᠨ ᠤ ᠠᠯᠢᠰᠤ ᠳᠠᠷᠢᠬᠤ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠢ ᠡᠷᠭᠢᠯᠡᠭᠰᠡᠨ ᠪᠥᠭᠡᠳ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ 
1.jpg
       ᠬᠤᠷᠠᠯ ᠤᠨ ᠬᠤᠭᠤᠴᠠᠭᠠᠨ ᠳᠤ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠢᠩᠭᠠᠨ ᠠᠶᠢᠮᠠᠭ ᠤᠨ ᠬᠥᠬᠡ ᠠᠳᠤᠭᠤᠨ ᠤ ᠲᠠᠯᠠᠪᠠᠢ ᠶᠢᠨ ᠠᠯᠢᠰᠤ ᠲᠠᠷᠢᠬᠤ ᠰᠠᠭᠤᠷᠢᠨ ᠭᠠᠵᠠᠷ᠂ ᠠᠯᠳᠠᠷ ᠰᠤᠮᠤ ᠶᠢᠨ ᠠᠯᠢᠰᠤ ᠲᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠣᠨ ᠤᠳᠤ ᠦᠶ᠎ᠡ ᠶᠢᠨ ᠡᠪᠡᠰᠦᠨ ᠤ ᠠᠵᠤ ᠦᠢᠯᠡᠰ ᠤᠨ ᠪᠣᠯᠪᠠᠰᠤᠷᠠᠭᠤᠯᠬᠤ ᠡᠳ᠋ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ ᠲᠣᠭᠤᠷᠢᠭ ᠢᠶᠠᠷ ᠲᠣᠭᠤᠷᠢᠨ ᠦᠵᠡᠵᠦ᠂ ᠠᠯᠢᠰᠤᠨ ᠤ ᠦᠷ᠎ᠡ ᠶᠢ ᠪᠣᠶᠢᠵᠢᠭᠤᠯᠬᠤ᠂ ᠲᠠᠷᠢᠬᠤ᠂ ᠬᠤᠷᠢᠶᠠᠵᠤ ᠪᠣᠯᠪᠠᠰᠤᠷᠠᠭᠤᠯᠬᠤ᠂ ᠮᠠᠰᠢᠨ ᠢ ᠰᠤᠳᠤᠯᠤᠨ ᠨᠡᠭᠡᠭᠡᠬᠦ᠂ ᠪᠣᠷᠣᠯᠠᠭᠤᠯᠵᠤ ᠬᠠᠳᠠᠭᠠᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠤᠷᠠᠯ ᠠᠴᠠ ᠪᠣᠶᠠᠨᠲᠣᠭᠲᠠᠬᠤ᠂ ᠦ᠋ ᠽᠢ ᠨᠢᠶᠠᠨ ᠬᠤᠶᠠᠷ ᠲᠤᠰᠬᠠᠢ ᠮᠡᠷᠭᠡᠵᠢᠯᠲᠡᠨ ᠢ ᠤᠷᠢᠵᠤ ᠠᠯᠢᠰᠤᠨ ᠤ ᠦᠷ᠎ᠡ ᠶᠢ ᠦᠷᠡᠵᠢᠭᠦᠯᠦᠨ ᠪᠣᠶᠢᠵᠢᠭᠤᠯᠬᠤ᠂ ᠲᠠᠷᠢᠬᠤ ᠮᠡᠷᠭᠡᠵᠢᠯ ᠪᠣᠯᠣᠨ ᠠᠮᠢ ᠠᠬᠤᠢ ᠶᠢ ᠰᠡᠷᠭᠦᠭᠡᠬᠦ ᠵᠡᠷᠭᠡ ᠲᠠᠯ᠎ᠠ ᠠᠴᠠ ᠲᠤᠰ ᠲᠤᠰ ᠭᠦᠨᠵᠡᠭᠡᠢ ᠰᠢᠰᠲ᠋ᠧᠮ ᠲᠠᠢ ᠲᠠᠶᠢᠯᠤᠮᠵᠢ ᠬᠢᠯᠭᠡᠪᠡ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠥᠯᠥᠨ ᠪᠤᠶᠢᠷ ᠬᠤᠲᠠ ᠶᠢᠨ ᠡᠸᠡᠩᠬᠢ ᠬᠤᠰᠢᠭᠤ᠂ ᠪᠠᠶᠠᠨᠨᠠᠭᠤᠷ ᠬᠤᠲᠠ ᠶᠢᠨ ᠳ᠋ᠸᠡᠭᠺᠸᠤ ᠰᠢᠶᠠᠨ ᠤ ᠭᠤᠷᠪᠠᠨ ᠬᠤᠰᠢᠭᠤ ᠰᠢᠶᠠᠨ ᠪᠠ ᠳᠥᠷᠪᠡᠨ ᠡᠪᠡᠰᠦᠨ ᠤ ᠠᠵᠤ ᠠᠬᠤᠶᠢᠯᠠᠯ ᠲᠣᠰ ᠲᠣᠰ ᠰᠣᠯᠢᠯᠴᠠᠭᠠᠨ ᠤ ᠶᠠᠷᠢᠶ᠎ᠠ ᠲᠠᠯᠪᠢᠪᠠ᠃ 
2.jpg
3.jpg
       ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠨᠢ ᠡᠪᠡᠰᠦᠨ ᠤ ᠠᠵᠤ ᠦᠢᠯᠡᠰ ᠤᠨ ᠬᠥᠭᠵᠢᠯᠲᠡ  ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢᠰᠤᠨ ᠤ ᠠᠵᠤ ᠦᠢᠯᠡᠰ ᠢ ᠰᠠᠶᠢᠲᠤᠷ ᠠᠳᠬᠤᠬᠤ ᠨᠢ ᠮᠠᠨ ᠤ ᠣᠷᠣᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠲᠠᠯ᠎ᠠ ᠨᠤᠲᠤᠭ ᠤᠨ ᠠᠮᠢ ᠠᠬᠤᠢ ᠶᠢᠨ ᠰᠡᠷᠭᠦᠯᠳᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠡᠭᠡ ᠲᠠᠯ᠎ᠠ ᠳᠤ ᠰᠠᠭᠤᠷᠢᠯᠠᠨ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠡᠨᠡ ᠬᠦ ᠴᠢᠬᠤᠯᠠ ᠶᠡᠭᠡ ᠡᠭᠦᠷᠭᠡ ᠶᠢ ᠴᠢᠩᠭ᠎ᠠ ᠠᠳᠬᠤᠵᠤ ᠪᠣᠳᠠᠲᠠᠢ ᠪᠠᠷ ᠠᠳᠬᠤᠬᠤ ᠬᠡᠷᠡᠭᠲᠡᠢ ᠭᠡᠪᠡ᠃
4.jpg
       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠲᠣᠮᠣ ᠢᠳᠡᠭᠡᠨ ᠤ ᠦᠵᠡᠯᠲᠡ ᠪᠠᠨ ᠪᠠᠲᠤ ᠪᠤᠶ ᠪᠣᠯᠭᠠᠵᠤ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠠᠮᠤ ᠪᠤᠳᠠᠭ᠎ᠠ ᠲᠠᠷᠢᠬᠤ ᠳᠤ ᠲᠣᠬᠢᠷᠠᠪᠠᠯ ᠠᠮᠤ ᠪᠤᠳᠠᠭ᠎ᠠ ᠲᠠᠷᠢᠬᠤ᠂ ᠡᠪᠡᠰᠦ ᠲᠠᠷᠢᠬᠤ ᠳᠤ ᠲᠣᠬᠢᠷᠠᠪᠠᠯ ᠡᠪᠡᠰᠦ  ᠲᠠᠷᠢᠬᠤ ᠵᠠᠷᠴᠢᠮ ᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠬᠤ ᠶᠢ ᠰᠠᠶᠢᠲᠤᠷ ᠬᠢᠵᠦ᠂ ᠬᠦᠷᠢᠶᠡᠯᠡᠩ ᠲᠣᠭᠤᠷᠢᠭ ᠤᠨ ᠰᠡᠳᠬᠢᠬᠦᠢ ᠪᠠᠷ ᠥᠨᠳᠥᠷ ᠪᠠᠷᠢᠮᠵᠢᠶᠠᠲᠤ ᠡᠪᠡᠰᠦ ᠲᠠᠷᠢᠶ᠎ᠠ ᠶᠢ ᠪᠦᠲᠦᠭᠡᠨ ᠪᠠᠶᠢᠭᠤᠯᠵᠤ᠂ ᠡᠭᠦᠯᠳᠡᠷ ᠪᠣᠶᠢᠵᠢᠭᠤᠯᠬᠤ᠂ ᠳᠠᠷᠢᠬᠤ᠂ ᠬᠠᠳᠤᠵᠤ ᠬᠤᠷᠢᠶᠠᠬᠤ᠂ ᠪᠣᠯᠪᠠᠰᠤᠷᠠᠭᠤᠯᠬᠤ᠂ ᠬᠠᠳᠠᠭᠠᠯᠠᠬᠤ ᠵᠡᠷᠭᠡ ᠪᠥᠬᠦ ᠬᠡᠯᠬᠢᠶ᠎ᠡ ᠠᠴᠠ ᠭᠠᠷᠳᠠᠵᠤ᠂ ᠪᠡᠯᠡ ᠮᠥᠩᠭᠦ ᠶᠢ ᠨᠢᠭᠡᠳᠭᠡᠨ ᠭᠤᠣᠯᠳᠠᠯᠭ᠎ᠠ ᠲᠠᠢ ᠲᠥᠷᠥᠯ ᠵᠦᠢᠯ ᠢ ᠳᠡᠮᠵᠢᠵᠦ᠂ ᠭᠠᠵᠠᠷ ᠣᠷᠣᠨ ᠤ ᠪᠠᠶᠢᠳᠠᠯ ᠳᠤ  ᠪᠠᠨ ᠲᠣᠬᠢᠷᠠᠭᠤᠯᠤᠨ ᠬᠢᠮᠡᠯ ᠠᠯᠢᠰᠤ ᠳᠠᠷᠢᠬᠤ ᠶᠢ ᠶᠡᠬᠡᠪᠡᠷ ᠬᠦᠭᠵᠢᠭᠦᠯᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠪᠦᠲᠦᠮᠵᠢᠲᠡᠢ ᠠᠵᠢᠯ ᠤᠨ ᠲᠣᠭᠲᠠᠴᠠ ᠶᠢ ᠲᠣᠭᠲᠠᠭᠠᠵᠤ᠂ ᠲᠠᠷᠢᠮᠠᠯ ᠤᠨ ᠭᠤᠣᠯ ᠴᠣᠭᠴᠠ ᠯᠤᠭ᠎ᠠ ᠶᠢᠨ ᠦᠢᠯᠡᠴᠢᠯᠡᠭᠡ ᠶᠢ ᠵᠣᠯᠭᠠᠭᠤᠯᠬᠤ ᠶᠢ ᠴᠢᠨᠠᠭᠰᠢᠳᠠ ᠴᠢᠩᠭᠠᠳᠬᠠᠵᠤ᠂ ᠡᠨᠡ ᠵᠢᠯ ᠤᠨ ᠪᠦᠬᠦ ᠣᠷᠣᠨ ᠤ 53 ᠲᠦᠮᠡᠨ ᠮᠦ ᠠᠯᠢᠰᠤ ᠲᠠᠷᠢᠬᠤ ᠡᠭᠦᠷᠭᠡ ᠪᠣᠯᠣᠨ ᠢᠷᠡᠬᠦ ᠵᠢᠯ ᠤᠨ ᠲᠠᠷᠢᠶᠠᠨ ᠭᠠᠵᠠᠷ ᠢ ᠨᠠᠶᠢᠳᠠᠪᠤᠷᠢᠵᠢᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠦ᠂ ᠵᠢᠷᠤᠮᠵᠢᠭᠰᠠᠨ ᠮᠡᠷᠭᠡᠵᠢᠯ ᠤᠨ ᠵᠦᠭᠯᠡᠭᠦᠷ ᠢ ᠲᠦᠷᠭᠡᠬᠡᠨ ᠰᠤᠳᠤᠯᠤᠨ ᠲᠣᠭᠲᠠᠭᠠᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠨᠡᠶᠢᠲᠡᠯᠢᠭ ᠬᠡᠷᠡᠭ ᠤᠨ ᠵᠢᠱᠢᠶ᠎ᠡ ᠶᠢ ᠪᠤᠢ ᠪᠣᠯᠭᠠᠬᠤ ᠬᠡᠷᠡᠭᠲᠡᠢ ᠭᠡᠪᠡ᠃
5.jpg
       ᠬᠢᠩᠭᠠᠨ ᠠᠶᠢᠮᠠᠭ ᠤᠨ ᠵᠠᠬᠢᠷᠭ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠪᠠ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
6.jpg
7.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号