︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ | ᠡᠪᠡᠳᠴᠢᠨ ᠢ ᠬᠢᠨᠠᠨ ᠬᠡᠮᠵᠢᠬᠦ ᠪᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠲᠥᠯᠥᠪᠯᠡᠭᠡ︾ ᠶᠢᠨ | ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠬᠢᠩᠭᠠᠨ ᠠᠶᠢᠮᠠᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠠᠵᠢᠯᠲᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠲᠠᠢ ᠬᠠᠮᠵᠢᠯᠴᠠᠨ ᠵᠠᠯᠠᠶᠢᠳ ᠬᠤᠰᠢᠭᠤ ᠪᠠ ᠤᠯᠠᠭᠠᠨᠬᠤᠲᠠ ᠳᠤ | ᠬᠦᠷᠴᠦ ᠦᠬᠡᠷ ᠤᠨ ᠠᠷᠠᠰᠤᠨ ᠤ ᠵᠠᠩᠭᠢᠯᠠᠭᠠᠲᠤ ᠡᠪᠡᠳᠴᠢᠨ ᠪᠠ ᠠᠳᠤᠭᠤᠨ ᠤ ᠲᠥᠷᠥᠯ ᠤᠨ ᠠᠮᠢᠲᠠᠨ ᠤ ᠬᠢᠵᠢᠭ | ᠡᠪᠡᠳᠴᠢᠨ ᠤ ᠲᠤᠰᠬᠠᠢ ᠬᠢᠨᠠᠨ ᠬᠡᠮᠵᠢᠯᠲᠡ ᠶᠢᠨ ᠥᠯᠢᠭᠡᠷ ᠡᠳ᠋ ᠴᠤᠭᠯᠠᠭᠤᠯᠬᠤ ᠠᠵᠢᠯ ᠢ ᠥᠷᠨᠢᠭᠦᠯᠪᠡ᠃ | | | | | ᠲᠣᠰ ᠤᠳᠠᠭᠠᠨ ᠤ ᠥᠯᠢᠭᠡᠷ ᠡᠳ᠋ ᠠᠪᠬᠤ ᠠᠵᠢᠯᠯᠠᠭ᠎ᠠ ᠨᠢ ᠵᠠᠯᠠᠶᠢᠳ ᠬᠤᠰᠢᠭᠤ᠂ ᠤᠯᠠᠭᠠᠨᠬᠤᠲᠠ ᠶᠢᠨ ᠠᠶᠤᠯ | ᠲᠦᠭᠰᠢᠭᠦᠷᠢ ᠶᠡᠬᠡᠲᠡᠢ ᠭᠤᠭᠴᠤᠭ᠎ᠠ ᠪᠠ ᠭᠤᠣᠯᠳᠠᠯᠭ᠎ᠠ ᠲᠠᠢ ᠰᠢᠶᠠᠩ ᠪᠠᠯᠭᠠᠰᠤ ᠳᠤ ᠬᠤᠯᠪᠣᠭᠳᠠᠵᠤ᠂ ᠥᠯᠢᠭᠡᠷ ᠡᠳ᠋ | ᠠᠪᠬᠤ ᠠᠵᠢᠯᠯᠠᠭ᠎ᠠ ᠨᠢ ᠡᠭᠦᠯᠳᠡᠷ ᠤᠨ ᠦᠬᠡᠷ ᠤᠨ ᠲᠠᠯᠠᠪᠠᠶ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠰᠤᠯᠠ | ᠲᠡᠵᠢᠭᠡᠬᠦ ᠡᠷᠦᠬᠡ᠂ ᠠᠷᠠᠯᠵᠢᠶᠠᠨ ᠤ ᠵᠠᠬ᠎ᠠ ᠳᠡᠯᠭᠡᠭᠦᠷ᠂ ᠠᠯᠠᠰᠢᠨ ᠤ ᠲᠠᠯᠠᠪᠠᠶ ᠶᠢ ᠬᠠᠮᠲᠤ ᠳᠤᠨᠢ ᠬᠠᠷᠠᠭᠠᠯᠵᠠᠪᠠ᠃ ᠲᠣᠰ | ᠤᠳᠠᠭ᠎ᠠ ᠨᠡᠶᠢᠲᠡ 460 ᠬᠤᠪᠢ ᠥᠯᠢᠭᠡᠷ ᠡᠳ᠋ ᠴᠤᠭᠯᠠᠭᠤᠯᠵᠤ᠂ ᠡᠭᠦᠨ ᠳᠤ᠄ ᠦᠬᠡᠷ ᠤᠨ ᠠᠮᠠ ᠬᠠᠮᠠᠷ ᠤᠨ | ᠵᠦᠯᠭᠦᠭᠦᠷ 360 ᠬᠤᠪᠢ᠂ ᠮᠣᠷᠢᠨ ᠤ ᠴᠢᠰᠤ ᠡᠭᠡᠳᠡᠬᠦ ᠶᠢ ᠡᠰᠡᠷᠭᠦᠴᠡᠬᠦ ᠡᠳ᠋ 50 ᠬᠤᠪᠢ᠂ ᠮᠣᠷᠢᠨ ᠤ ᠴᠢᠰᠤᠨ | ᠴᠠᠶᠢᠪᠠᠩ 50 ᠬᠤᠪᠢ ᠪᠣᠶ᠃ ᠥᠯᠢᠭᠡᠷ ᠡᠳ᠋ ᠴᠤᠭᠯᠠᠭᠤᠯᠤᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠮᠠᠯ ᠡᠮᠨᠡᠯᠭᠡ ᠶᠢᠨ | ᠲᠤᠷᠰᠢᠯᠲᠠ ᠶᠢᠨ ᠲᠠᠰᠤᠭ ᠲᠤ ᠬᠦᠷᠭᠡᠵᠦ ᠪᠠᠶᠢᠴᠠᠭᠠᠨ ᠰᠢᠯᠭᠠᠬᠤ ᠠᠵᠢᠯ ᠬᠢᠯᠭᠡᠪᠠ᠃ | ᠲᠣᠰ ᠤᠳᠠᠭᠠᠨ ᠤ ᠥᠯᠢᠭᠡᠷ ᠡᠳ᠋ ᠠᠪᠬᠤ ᠵᠣᠷᠢᠯᠭ᠎ᠠ ᠨᠢ ᠣᠳᠣᠬᠠᠨ ᠤ ᠬᠢᠩᠭᠠᠨ ᠠᠶᠢᠮᠠᠭ ᠤᠨ ᠦᠬᠡᠷ ᠤᠨ | ᠠᠷᠠᠰᠤᠨ ᠤ ᠵᠠᠩᠭᠢᠯᠠᠭᠠᠲᠤ ᠡᠪᠡᠳᠴᠢᠨ ᠪᠠ ᠠᠳᠤᠭᠤᠨ ᠤ ᠲᠥᠷᠥᠯ ᠤᠨ ᠠᠮᠢᠲᠠᠨ ᠤ ᠬᠢᠵᠢᠭ ᠡᠪᠡᠳᠴᠢᠨ ᠤ | ᠬᠠᠯᠳᠠᠪᠤᠷᠢᠯᠠᠯ ᠪᠠ ᠳᠡᠯᠭᠡᠷᠡᠵᠦ ᠪᠠᠶᠢᠭ᠎ᠠ ᠪᠠᠶᠢᠳᠠᠯ ᠢ ᠡᠵᠡᠮᠰᠢᠵᠦ᠂ ᠬᠠᠯᠳᠠᠪᠤᠷᠢᠯᠠᠬᠤ ᠲᠦᠭᠰᠢᠭᠦᠷᠢ ᠶᠢᠨ ᠬᠦᠴᠦᠨ | ᠵᠦᠢᠯ ᠢ ᠢᠯᠡᠷᠡᠭᠦᠯᠵᠦ᠂ ᠰᠦᠷᠦᠭᠵᠢᠯ ᠤᠨ ᠡᠭᠡᠯᠢᠯᠡᠭᠡ ᠶᠢᠨ ᠪᠠᠶᠢᠳᠠᠯ ᠢ ᠡᠵᠡᠮᠰᠢᠵᠦ᠂ ᠡᠭᠡᠯᠢᠯᠡᠭᠡ ᠶᠢᠨ ᠦᠷ᠎ᠡ ᠳ᠋ᠦᠩ ᠢ | ᠦᠨᠡᠯᠡᠬᠦ ᠶᠢᠨ ᠲᠦᠯᠦᠭᠡ ᠶᠤᠮ᠃ ᠦᠬᠡᠷ ᠤᠨ ᠠᠷᠠᠰᠤᠨ ᠤ ᠵᠠᠩᠭᠢᠯᠠᠭᠠᠲᠤ ᠡᠪᠡᠳᠴᠢᠨ ᠬᠢᠭᠡᠳ ᠠᠳᠤᠭᠤᠨ ᠤ | ᠲᠥᠷᠥᠯ ᠤᠨ ᠠᠮᠢᠲᠠᠨ ᠤ ᠬᠢᠵᠢᠭ ᠡᠪᠡᠳᠴᠢᠨ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠳᠤ ᠦᠨᠳᠦᠰᠦ | ᠪᠠᠷᠢᠮᠲᠠ ᠬᠠᠩᠭᠠᠭᠰᠠᠨ ᠪᠠᠶᠢᠨ᠎ᠠ᠃ |