ᠪᠦᠬᠦ ᠤᠯᠤᠰ ᠤᠨ ᠠᠩᠬᠠᠳᠠᠭᠴᠢ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠨ ᠱᠠᠳᠤᠨ ᠤ ᠬᠠᠮᠲᠤ ᠪᠠᠷ ᠪᠦᠲᠦᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠠ ᠦᠵᠡᠭᠦᠯᠬᠦ ᠲᠦᠷᠦᠯ ᠵᠦᠢᠯ ᠡᠬᠢᠯᠡᠯ᠎ᠠ
ᠨᠡᠶᠢᠲᠡᠯᠡᠭᠰᠡᠨ ᠴᠠᠭ᠄
2023/7/17
      ᠪᠦᠬᠦ ᠤᠯᠤᠰ ᠤᠨ ᠠᠩᠬᠠᠳᠠᠭᠴᠢ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠨ ᠱᠠᠳᠤᠨ ᠤ ᠬᠠᠮᠲᠤ ᠪᠠᠷ ᠪᠦᠲᠦᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠠ ᠦᠵᠡᠭᠦᠯᠬᠦ ᠲᠦᠷᠦᠯ ᠵᠦᠢᠯ ᠣᠶᠢᠷ᠎ᠠ ᠳᠤ ᠤᠯᠠᠭᠠᠨᠴᠠᠪ ᠬᠤᠲᠠ ᠶᠢᠨ ᠰᠢᠩ ᠾᠧ ᠰᠢᠶᠠᠨ ᠳᠤ ᠡᠬᠢᠯᠡᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠦᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ᠂ ᠲᠤᠷᠰᠢᠯᠲᠠ ᠶᠢᠨ ᠬᠤᠰᠢᠭᠤ ᠰᠢᠶᠠᠨ ᠳᠥᠷᠪᠡᠨ ᠲᠠᠯ᠎ᠠ ᠪᠠᠷ ᠢᠶᠠᠨ ᠲᠤᠬᠠᠢ ᠶᠢᠨ ᠲᠠᠯᠠᠪᠤᠷ ᠲᠤ ᠵᠦᠪᠳᠡᠯᠴᠡᠭᠡᠷ ᠲᠣᠭᠲᠠᠪᠠ᠃      ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠮᠠᠨ ᠤ ᠣᠷᠣᠨ ᠤ ᠬᠤᠶᠢᠰᠢᠲᠠ ᠶᠢᠨ ᠰᠢᠨ᠎ᠡ ᠪᠠᠷ ᠪᠦᠳᠦᠭᠡᠨ ᠪᠠᠶᠢᠭᠤᠯᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠭᠤᠣᠯᠳᠠᠯᠭ᠎ᠠ ᠪᠠ ᠬᠦᠴᠢᠷ ᠠᠰᠠᠭᠤᠳᠠᠯ ᠪᠣᠯᠬᠤ ᠪᠦᠬᠡᠳ ᠪᠠᠰᠠ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠪᠤᠷᠢ ᠶᠢ ᠲᠠᠬᠡᠭᠰᠢᠯᠡᠬᠦᠯᠬᠦ ᠴᠢᠬᠤᠯᠠ ᠨᠡᠮᠡᠭᠳᠡᠯ ᠤᠨ ᠴᠡᠭ ᠪᠣᠯᠤᠨ᠎ᠠ᠃ ᠳᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠢᠨᠵᠧᠨᠧᠷᠢᠩ᠂ ᠬᠥᠷᠥᠰᠥ ᠰᠢᠷᠣᠢ᠂ ᠤᠰᠤ ᠠᠷᠪᠢᠯᠠᠬᠤ᠂ ᠲᠠᠷᠢᠮᠠᠯ ᠵᠡᠷᠭᠡ ᠲᠠᠯ᠎ᠠ ᠶᠢᠨ ᠲᠤᠰᠬᠠᠢ ᠮᠡᠷᠭᠡᠵᠢᠯᠲᠡᠨ ᠢ ᠲᠣᠮᠢᠯᠠᠵᠤ᠂ ᠴᠡᠭ ᠲᠤ ᠰᠠᠭᠤᠬᠤ ᠠᠷᠭ᠎ᠠ ᠬᠡᠯᠪᠡᠷᠢ ᠪᠠᠷ ᠰᠤᠳᠤᠯᠭᠠᠨ ᠥᠷᠨᠢᠭᠦᠯᠵᠦ᠂ ᠬᠤᠲᠠ ᠰᠢᠶᠠᠨ ᠬᠤᠶᠠᠷ ᠱᠠᠳᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠠᠴᠠ ᠲᠤᠰᠬᠠᠢ ᠠᠵᠢᠯᠲᠠᠨ ᠲᠣᠬᠢᠷᠠᠭᠤᠯᠤᠨ ᠲᠤᠷᠰᠢᠯᠲᠠ ᠬᠢᠵᠦ ᠵᠢᠱᠢᠶ᠎ᠠ ᠦᠵᠡᠭᠦᠯᠬᠦ ᠶᠢ ᠬᠠᠷᠢᠭᠤᠴᠠᠵᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠲᠤᠷᠰᠢᠯᠲᠠ ᠶᠢᠨ ᠲᠤᠭ᠎ᠠ ᠪᠠᠷᠢᠮᠲᠠ ᠪᠠ ᠬᠡᠷᠡᠭᠯᠡᠭᠡᠨ ᠤ ᠦᠷ᠎ᠡ ᠪᠦᠲᠦᠮᠵᠢ ᠶᠢ ᠴᠠᠭ ᠲᠤᠬᠠᠢ ᠳᠤᠨᠢ ᠬᠠᠷᠢᠭᠤ ᠳᠤᠰᠬᠠᠨ᠎ᠠ ᠃ ᠡᠭᠦᠨ ᠤ ᠬᠠᠮᠲᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠣᠬᠢᠷᠠᠭᠤᠯᠤᠯᠲᠠ ᠶᠢ ᠲᠤᠷᠰᠢᠯᠲᠠ ᠶᠢᠨ ᠭᠠᠵᠠᠷ ᠣᠷᠣᠨ ᠲᠡᠶᠢᠰᠢ ᠬᠡᠯᠪᠡᠶᠢᠯᠭᠡᠵᠦ ᠂ ᠲᠠᠷᠢᠶᠠᠯᠠᠩ ᠳᠤ ᠬᠤᠯᠪᠣᠭᠳᠠᠬᠤ ᠪᠤᠰᠤᠳ ᠲᠦᠷᠦᠯ ᠵᠦᠢᠯ ᠤᠨ ᠲᠤᠷᠰᠢᠯᠲᠠ ᠶᠢᠨ ᠵᠢᠱᠢᠶ᠎ᠠ ᠦᠵᠡᠭᠦᠯᠬᠦ ᠲᠦᠷᠦᠯ ᠵᠦᠢᠯ ᠢ ᠨᠡᠶᠢᠳᠭᠡᠨ ᠂ ᠰᠢᠯᠢᠨ ᠰᠣᠩᠭᠤᠭᠰᠠᠨ ᠮᠡᠷᠭᠡᠵᠢᠯ ᠪᠠ ᠵᠠᠭᠪᠤᠷ ᠤᠨ ᠬᠡᠷᠡᠭᠯᠡᠵᠦ ᠪᠣᠯᠬᠤ ᠶᠢ ᠨᠢ ᠡᠷᠲᠡ ᠬᠡᠷᠡᠭᠯᠡᠭᠦ᠂ ᠬᠡᠷᠡᠭᠯᠡᠵᠤ ᠪᠤᠯᠬᠤ ᠶᠢ ᠨᠢ ᠪᠦᠬᠦᠨ ᠢ ᠬᠡᠷᠡᠭᠯᠡᠨ᠎ᠠ᠃ ᠲᠦᠷᠦᠭᠦᠦ ᠵᠢᠯ ᠳᠤ ᠲᠤᠷᠰᠢᠯᠲᠠ ᠬᠢᠵᠤ᠂ ᠬᠤᠶᠠᠳᠤᠭᠠᠷ ᠵᠢᠯ ᠳᠤ ᠲᠠᠯᠠᠪᠠᠢ ᠶᠢ ᠥᠷᠭᠡᠳᠭᠡᠨ᠂ ᠭᠤᠷᠪᠠᠳᠤᠭᠠᠷ ᠵᠢᠯ ᠳᠤ ᠭᠠᠵᠠᠷ ᠣᠷᠣᠨ ᠢ ᠥᠷᠭᠡᠳᠭᠡᠵᠤ᠂ ᠠᠯᠬᠤᠮ ᠠᠯᠬᠤᠮ ᠢᠶᠠᠷ ᠳᠡᠯᠭᠡᠷᠡᠭᠦᠯᠬᠦ ᠪᠤᠯᠤᠨ᠎ᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号