ᠬᠥᠬᠡᠬᠤᠲᠠ ᠭᠠᠳᠠᠨ᠎ᠠ ᠠᠴᠠ ᠣᠷᠣᠵᠤ ᠢᠷᠡᠭᠰᠡᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠦᠨᠦᠭᠡᠯ ᠤᠨ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/7/18
      ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠬᠢᠨ ᠣᠶᠢᠷ᠎ᠠ ᠳᠤ ᠲᠣᠭᠲᠠᠬᠤ ᠰᠢᠶᠠᠨ ᠳᠤ ᠭᠦᠨᠵᠡᠭᠡᠶᠢᠷᠡᠨ ᠭᠠᠳᠠᠨ᠎ᠠ ᠠᠴᠠ ᠣᠷᠣᠵᠤ ᠢᠷᠡᠭᠰᠡᠨ ᠲᠠᠷᠢᠮᠠᠯ ᠤᠨ ᠡᠪᠡᠳᠴᠢᠨ ᠪᠠ ᠬᠤᠷᠣᠬᠠᠢ ᠶᠢᠨ ᠬᠦᠨᠦᠭᠡᠯ  ᠤᠨ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠠᠵᠢᠯ ᠥᠷᠨᠢᠭᠦᠯᠵᠤ᠂ ᠪᠦᠬᠦ ᠬᠤᠲᠠ ᠶᠢᠨ ᠭᠠᠳᠠᠨ᠎ᠠ ᠠᠴᠠ ᠣᠷᠣᠵᠤ ᠢᠷᠡᠭᠰᠡᠨ ᠲᠠᠷᠢᠮᠠᠯ ᠤᠨ ᠡᠪᠡᠳᠴᠢᠨ ᠪᠠ ᠬᠤᠷᠣᠬᠠᠢ ᠶᠢᠨ ᠬᠦᠨᠦᠭᠡᠯ  ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠭᠰᠢᠳᠠ ᠲᠦᠷᠭᠡᠳᠭᠡᠨ ᠠᠬᠢᠭᠤᠯᠵᠤ᠂ ᠭᠠᠳᠠᠨ᠎ᠠ ᠠᠴᠠ ᠣᠷᠣᠵᠤ ᠢᠷᠡᠭᠰᠡᠨ ᠲᠠᠷᠢᠮᠠᠯ ᠤᠨ ᠡᠪᠡᠳᠴᠢᠨ ᠪᠠ ᠬᠤᠷᠣᠬᠠᠢ ᠶᠢᠨ ᠬᠦᠨᠦᠭᠡᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ ᠪᠤᠢ᠃      ᠳᠤᠰ ᠤᠳᠠᠭ᠎ᠠ ᠶᠢᠨ ᠶᠠᠰᠤ ᠴᠢᠨᠠᠷ ᠢ ᠡᠵᠡᠮᠳᠡᠬᠦ ᠠᠵᠢᠯ ᠳᠤ ᠠᠳᠠᠯᠢ ᠪᠤᠰᠤ ᠣᠷᠴᠢᠨ ᠤ ᠠᠳᠠᠯᠢ ᠪᠤᠰᠤ ᠲᠠᠷᠢᠮᠠᠯ ᠢ ᠪᠠᠶᠢᠴᠠᠭᠠᠨ ᠦᠵᠡᠵᠦ᠂ ᠲᠥᠪᠡᠳ ᠬᠠᠰᠢ ᠶᠢᠨ ᠨᠠᠪᠴᠢᠨ ᠡᠷᠪᠡᠬᠡᠢ ᠪᠠ ᠴᠠᠭᠠᠨ ᠲᠣᠭᠤᠰᠣᠲᠤ ᠪᠥᠭᠡᠰᠦ ᠭᠡᠬᠦ ᠬᠤᠶᠠᠷ ᠵᠦᠢᠯ ᠤᠨ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢ ᠬᠠᠷᠭᠤᠭᠤᠯᠤᠨ ᠲᠣᠳᠣᠯᠠᠭᠰᠠᠨ ᠪᠥᠭᠡᠳ ᠰᠡᠭᠦᠯᠴᠢ ᠶᠢᠨ ᠬᠤᠭᠤᠴᠠᠭᠠᠨ ᠳᠤ ᠭᠠᠷᠴᠤ ᠮᠡᠳᠡᠬᠦ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠳᠤ ᠮᠡᠷᠭᠡᠵᠢᠯ ᠤᠨ ᠵᠢᠯᠣᠭᠤᠳᠤᠯᠭ᠎ᠠ ᠬᠢᠭᠰᠡᠨ ᠪᠠᠶᠢᠨ᠎ᠠ᠃ ᠳᠠᠷᠠᠭᠠᠴᠢ ᠪᠠᠷ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠠᠵᠢᠯ ᠢ ᠪᠤᠰᠤᠳ ᠬᠤᠰᠢᠭᠤ ᠰᠢᠶᠠᠨ ᠲᠣᠭᠤᠷᠢᠭ ᠲᠤ ᠦᠷᠭᠦᠯᠵᠢᠯᠡᠨ ᠥᠷᠨᠢᠭᠦᠯᠵᠦ᠂ ᠪᠦᠬᠦ ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠪᠦᠬᠦ ᠲᠠᠯ᠎ᠠ ᠶᠢᠨ ᠪᠠᠶᠢᠴᠠᠭᠠᠯᠲᠠ ᠪᠠ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠬᠢᠴᠠ ᠶᠢ ᠲᠦᠷᠭᠡᠳᠭᠡᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠪᠦᠲᠦᠮᠵᠢᠲᠡᠢ᠂ ᠪᠦᠬᠦ ᠲᠠᠯ᠎ᠠ ᠶᠢᠨ ᠪᠦᠭᠡᠳ ᠪᠦᠷᠢᠨ ᠪᠦᠲᠦᠨ᠂ ᠰᠢᠨᠵᠢᠯᠡᠬᠦ ᠤᠬᠠᠭᠠᠨᠴᠢ ᠪᠥᠭᠡᠳ ᠡᠷᠬᠡ ᠰᠦᠷ ᠲᠠᠢ᠂ ᠣᠨᠣᠴᠠᠲᠠᠢ ᠪᠥᠭᠡᠳ ᠨᠠᠶᠢᠳᠠᠪᠤᠷᠢᠲᠠᠢ ᠪᠠᠶᠢᠬᠤ ᠶᠢ ᠪᠠᠲᠤᠯᠠᠵᠤ᠂ ᠭᠠᠳᠠᠨ᠎ᠠ ᠠᠴᠠ ᠣᠷᠣᠵᠤ ᠢᠷᠡᠭᠰᠡᠨ ᠲᠠᠷᠢᠮᠠᠯ ᠤᠨ ᠡᠪᠡᠳᠴᠢᠨ ᠪᠠ ᠬᠤᠷᠣᠬᠠᠢ ᠰᠢᠪᠡᠵᠢ ᠶᠢᠨ ᠬᠦᠨᠦᠭᠡᠯ  ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠪᠠᠷ ᠪᠤᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号