ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢ | ᠴᠢᠨᠠᠭᠰᠢᠳᠠ ᠴᠢᠩᠭᠠᠳᠬᠠᠵᠤ ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ ᠂ ᠦᠷ᠎ᠡ ᠶᠢ ᠦᠨᠡᠮᠯᠡᠯ | ᠦᠭᠡᠢ ᠪᠠᠷ ᠦᠢᠯᠡᠳᠪᠦᠷᠢᠯᠡᠬᠦ ᠂ ᠡᠭᠦᠯᠳᠡᠷ ᠤᠨ ᠫᠠᠶᠢᠰᠠ ᠶᠢᠨ ᠡᠷᠬᠡ ᠳᠤ ᠬᠠᠯᠳᠠᠬᠤ ᠵᠡᠷᠭᠡ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ ᠂ ᠪᠠᠶᠠᠨᠨᠠᠭᠤᠷ ᠬᠤᠳᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠠᠴᠠ 6 ᠰᠠᠷ᠎ᠠ ᠠᠴᠠ 8 ᠰᠠᠷ᠎ᠠ ᠪᠣᠯᠲᠠᠯ᠎ᠠ ᠪᠠᠶᠠᠨᠨᠠᠭᠤᠷ ᠬᠤᠳᠠ ᠶᠢᠨ ᠤᠳᠤ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ ᠂ ᠪᠠᠶᠠᠨᠨᠠᠭᠤᠷ ᠬᠤᠳᠠ ᠶᠢᠨ ᠲᠠᠷᠢᠶᠠᠯᠠᠩ | ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢ ᠵᠣᠬᠢᠶᠠᠨ | ᠪᠠᠶᠢᠭᠤᠯᠵᠤ ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠰᠬᠠᠢ ᠪᠠᠶᠢᠴᠠᠭᠠᠯᠲᠠ ᠶᠢᠨ | ᠠᠵᠢᠯᠯᠠᠭ᠎ᠠ ᠦᠷᠨᠢᠭᠦᠯᠬᠦ ᠪᠣᠯᠤᠨ᠎ᠠ᠃ | | | | | ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 | ᠣᠨ ᠤ ᠲᠠᠷᠢᠮᠠᠯ ᠤᠨ ᠦᠷ᠎ᠡ ᠶᠢᠨ ᠳᠦᠷᠢᠮ ᠤᠨ ᠰᠠᠭᠤᠷᠢᠨ ᠭᠠᠵᠠᠷ ᠤᠨ ᠲᠤᠰᠬᠠᠢ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾᠂ ᠪᠠᠶᠠᠨᠨᠠᠭᠤᠷ ᠬᠤᠲᠠ ᠶᠢᠨ ︽2023 ᠣᠨ ᠤ ᠪᠦᠬᠦ ᠬᠤᠲᠠ ᠶᠢᠨ | ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠠᠶᠢᠴᠠᠭᠠᠯᠲᠠ ᠶᠢ ᠥᠷᠨᠢᠭᠦᠯᠬᠦ ᠲᠤᠬᠠᠢ | ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠯ᠎ᠡ ᠬᠤᠰᠢᠭᠤ ᠰᠢᠶᠠᠨ ᠲᠣᠭᠤᠷᠢᠭ ᠤᠨ | ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠤᠨ ᠳᠡᠩᠰᠡᠯᠡᠨ ᠲᠡᠮᠳᠡᠭᠯᠡᠭᠦᠯᠦᠭᠰᠡᠨ ᠪᠠᠶᠢᠳᠠᠯ᠂ ᠡᠯ᠎ᠡ ᠨᠠᠶᠢᠳᠠᠨ | ᠦᠢᠯᠡᠳᠪᠦᠷᠢᠯᠡᠬᠦ ᠠᠵᠤ ᠠᠬᠤᠶᠢᠯᠠᠯ᠂ ᠦᠷ᠎ᠡ ᠦᠢᠯᠡᠳᠪᠦᠷᠢᠯᠡᠬᠦ ᠰᠠᠭᠤᠷᠢᠨ ᠭᠠᠵᠠᠷ ᠤᠨ ᠬᠢᠷᠢ ᠴᠢᠳᠠᠮᠵᠢ ᠨᠢ | ᠱᠠᠭᠠᠷᠳᠠᠯᠭ᠎ᠠ ᠳᠤ ᠨᠡᠶᠢᠴᠡᠬᠦ ᠡᠰᠡᠬᠦ᠂ ᠦᠢᠯᠡᠳᠪᠦᠷᠢᠯᠡᠭᠰᠡᠨ ᠡᠭᠦᠯᠳᠡᠷ᠂ ᠭᠠᠵᠠᠷ ᠵᠡᠷᠭᠡ ᠮᠡᠳᠡᠭᠡ ᠵᠠᠩᠭᠢ ᠨᠢ | ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠯᠦᠭᠡ ᠨᠢᠭᠡᠳᠦᠯᠲᠡᠢ ᠪᠠᠶᠢᠬᠤ ᠡᠰᠡᠬᠦ᠂ ᠡᠭᠦᠯᠳᠡᠷ ᠤᠨ ᠡᠷᠬᠡ ᠶᠢᠨ | ᠵᠥᠪᠰᠢᠶᠡᠷᠡᠯ ᠲᠠᠢ ᠪᠠᠶᠢᠬᠤ ᠡᠰᠡᠬᠦ᠂ ᠵᠣᠬᠢᠬᠤ ᠦᠢᠯᠡᠳᠪᠦᠷᠢᠯᠡᠯ ᠤᠨ ᠳᠦᠷᠢᠮ ᠵᠢᠴᠢ ᠦᠢᠯᠡᠳᠪᠦᠷᠢᠯᠡᠯ ᠤᠨ ᠲᠠᠩᠰᠠ | ᠡᠪᠬᠡᠮᠡᠯ ᠲᠠᠢ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ᠎ᠠ᠃ | ᠲᠣᠰ ᠤᠳᠠᠭᠠᠨ ᠤ ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠠᠶᠢᠴᠠᠭᠠᠯᠲᠠ ᠳᠤ᠂ ᠬᠡᠰᠡᠭ ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ | ᠦᠢᠯᠡᠳᠪᠦᠷᠢᠯᠡᠯ ᠢᠶᠠᠨ ᠳᠠᠩᠰᠠᠯᠠᠭᠤᠯᠤᠭᠰᠠᠨ ᠦᠭᠡᠢ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠡᠳ᠂ ᠠᠵᠤ | ᠠᠬᠤᠶᠢᠯᠠᠯ ᠢ ᠴᠠᠭ ᠬᠢᠵᠠᠭᠠᠷᠯᠠᠨ ᠳᠡᠩᠰᠡᠯᠡᠵᠦ᠂ ᠦᠢᠯᠡᠳᠪᠦᠷᠢᠯᠡᠯ ᠤᠨ ᠲᠠᠩᠰᠠ ᠡᠪᠬᠡᠮᠡᠯ ᠢᠶᠠᠨ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ | ᠦᠷ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠱᠠᠭᠠᠷᠳᠠᠪᠠ᠃ |