ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠬᠡᠷ ᠤᠨ ᠣᠶᠢᠷ᠎ᠠ ᠳᠤ | ᠬᠤᠷᠠᠯᠳᠤᠭᠤᠯᠤᠭᠰᠠᠨ ︽ᠬᠤᠶᠠᠷ ᠶᠡᠭᠡ ᠶᠠᠪᠤᠳᠠᠯ ᠢᠶᠠᠷ ᠭᠤᠤᠯ ᠭᠠᠷᠳᠠᠴᠠ ᠪᠤᠯᠭᠠᠨ ᠦᠪᠦᠷ ᠮᠤᠩᠭᠤᠯ ᠤᠨ | ᠤᠳᠤᠬᠢᠴᠢᠯᠠᠬᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ︾ ᠭᠤᠤᠯ ᠰᠡᠳᠦᠪᠳᠤ ᠰᠤᠨᠢᠨ ᠮᠡᠳᠡᠭᠡ ᠨᠡᠶᠢᠲᠡᠯᠡᠬᠦ | ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠤᠷᠤᠨ ᠡᠨᠡ ᠵᠢᠯ ᠰᠠᠭᠠᠯᠢ ᠶᠢᠨ ᠦᠨᠢᠶ᠎ᠡ ᠶᠢ 170 ᠲᠦᠮᠡ ᠶᠢ | ᠳᠠᠪᠠᠭᠤᠯᠵᠤ ᠦᠨᠢᠶᠡᠨ ᠰᠦ ᠶᠢᠨ ᠭᠠᠷᠤᠯᠲᠠ ᠶᠢ 785 ᠲᠦᠮᠡᠨ ᠲᠤᠨ ᠳᠤ ᠬᠦᠷᠭᠡᠬᠦ ᠪᠠᠷ ᠴᠢᠷᠮᠠᠶᠢᠵᠤ ᠪᠠᠶᠢᠨ᠎ᠠ᠃ | ᠮᠠᠨ ᠤ ᠤᠷᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠵᠤ᠂ | ︽ᠳᠡᠵᠢᠭᠡᠯ ᠡᠪᠡᠰᠦ ᠪᠤᠷᠳᠤᠭᠠᠨ ᠤ ᠢᠷᠡᠯᠲᠡ︾᠂ ︽ᠡᠭᠦᠯᠳᠡᠷ ᠤᠨ ᠢᠷᠡᠯᠲᠡ︾᠂ ︽ᠰᠦ ᠶᠢᠨ ᠢᠷᠡᠯᠲᠡ︾ ᠶᠢᠨ | ᠲᠤᠭᠤᠷᠢᠨ ᠳᠤ ᠰᠦᠯ ᠰᠠᠶᠢᠲᠠᠢ ᠪᠤᠷᠤ ᠴᠠᠷᠭᠠᠰᠤ ᠶᠢᠨ ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ ᠶᠢ ᠡᠬᠢᠯᠡᠭᠦᠯᠵᠤ᠂ | ᠰᠠᠭᠠᠯᠢ ᠶᠢᠨ ᠦᠨᠢᠶᠡᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠢ ᠶᠢ ᠡᠭᠦᠳᠦᠨ ᠪᠠᠶᠢᠭᠤᠯᠬᠤ ᠪᠠ | ᠦᠢᠯᠡᠳᠪᠦᠷᠢᠯᠡᠯ ᠤᠨ ᠶᠠᠰᠤ ᠴᠢᠨᠠᠷ ᠢ ᠰᠢᠯᠭᠠᠨ ᠲᠣᠭᠲᠠᠭᠠᠬᠤ ᠠᠵᠢᠯ ᠢ ᠥᠷᠨᠢᠭᠦᠯᠵᠦ᠂ ᠨᠢᠬᠡᠨᠳᠡ ᠰᠠᠭᠠᠯᠢ ᠶᠢᠨ | ᠦᠨᠢᠶ᠎ᠠ ᠶᠢᠨ ᠬᠦᠢᠰᠤ ᠶᠢᠨ ᠢᠯᠭᠠᠯ ᠢ ᠡᠵᠡᠮᠳᠡᠭᠰᠡᠨ 1.65 ᠲᠦᠮᠡᠨ ᠬᠥᠪᠦᠷᠡᠯ ᠢ ᠰᠢᠯᠵᠢᠬᠦᠯᠪᠡ᠃ ᠰᠦ ᠶᠢᠨ | ᠦᠢᠯᠡᠰ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢᠨ ︽ᠳᠡᠰ ᠳᠡᠪᠰᠢᠭᠦᠯᠦᠭᠰᠡᠨ ᠬᠡᠪᠯᠡᠯ︾ ᠢ ᠲᠣᠭᠲᠠᠭᠠᠵᠤ᠂ ᠰᠦᠯ ᠰᠠᠶᠢᠲᠠᠢ ᠴᠠᠷᠭᠠᠰᠤ ᠶᠢᠨ ᠨᠥᠬᠦᠪᠥᠷᠢ ᠶᠢᠨ | ᠪᠠᠷᠢᠮᠵᠢᠶ᠎ᠠ ᠶᠢ ᠮᠥ ᠪᠦᠷᠢ ᠳᠤ 1000 ᠲᠥᠭᠦᠷᠢᠭ ᠬᠦᠷᠲᠡᠯ᠎ᠡ ᠳᠡᠭᠡᠭᠰᠢᠯᠡᠭᠦᠯᠤᠨ᠂ 3000 ᠠᠴᠠ ᠳᠡᠭᠡᠭᠰᠢᠬᠢ | ᠰᠠᠭᠠᠯᠢ ᠶᠢᠨ ᠦᠨᠢᠶ᠎ᠠ ᠲᠠᠵᠢᠬᠡᠬᠦ ᠬᠡᠪᠴᠢᠶᠡᠵᠢᠭᠰᠡᠨ ᠲᠠᠵᠢᠬᠡᠪᠤᠷᠢ ᠶᠢᠨ ᠲᠠᠯᠠᠪᠠᠢ ᠶᠢ ᠰᠢᠨ᠎ᠡ ᠪᠠᠷ 16 ᠪᠠᠶᠢᠭᠤᠯᠬᠤ ᠶᠢ | ᠦᠨᠡᠨ ᠬᠦ ᠪᠠᠲᠤᠯᠠᠵᠤ᠂ ︽ᠨᠢᠭᠡ ᠲᠠᠯᠠᠪᠠᠢ ᠳᠤ ᠨᠢᠭᠡ ᠠᠷᠭ᠎ᠠ ᠪᠣᠳᠣᠯᠭ᠎ᠠ︾ ᠶᠢ ᠬᠡᠷᠡᠭᠵᠢᠭᠦᠯᠦᠨ ᠬᠡᠪᠴᠢᠶᠡᠵᠢᠭᠰᠡᠨ | ᠲᠠᠵᠢᠬᠡᠪᠤᠷᠢ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠳᠤᠷ ᠠᠳᠬᠤᠵᠤ ᠪᠠᠶᠢᠨ᠎ᠠ᠃ ᠢᠯᠢ ᠶᠢᠨ ᠣᠳᠣ | ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ᠂ ᠮᠧᠩ ᠨᠢᠦ ᠳᠤᠮᠳᠠᠳᠤ ᠤᠯᠤᠰ ᠤᠨ ᠴᠠᠭᠠᠨ ᠢᠳᠡᠭᠡᠨ ᠤ | ᠦᠢᠯᠡᠰ ᠤᠨ ᠠᠵᠤ ᠦᠢᠯᠡᠰ ᠤᠨ ᠬᠦᠷᠢᠶᠡᠯᠡᠩ ᠵᠡᠷᠭᠡ ᠪᠦᠬᠦ ᠠᠵᠤ ᠦᠢᠯᠡᠰ ᠤᠨ ᠬᠡᠯᠬᠢᠶᠡᠨ ᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠰᠦ ᠶᠢᠨ ᠦᠢᠯᠡᠰ ᠤᠨ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠬᠦ ᠶᠢ ᠪᠦᠬᠦ ᠰᠢᠶᠠᠨ ᠢᠶᠠᠷ ᠠᠬᠢᠭᠤᠯᠬᠤ 8 ᠬᠤᠰᠢᠭᠤ ᠰᠢᠶᠠᠨ ᠪᠤᠯᠤᠨ ᠣᠷᠣᠨ | ᠨᠤᠲᠤᠭ ᠤᠨ ᠦᠪᠡᠷᠮᠢᠴᠡ ᠣᠨᠴᠠᠯᠢᠭ ᠲᠠᠢ ᠴᠠᠭᠠᠨ ᠢᠳᠡᠭᠡᠨ ᠪᠤᠯᠪᠠᠰᠤᠷᠠᠭᠤᠯᠬᠤ ᠪᠠᠷᠢᠮᠵᠢᠶᠠᠵᠢᠭᠤᠯᠤᠭᠰᠠᠨ | ᠲᠤᠷᠰᠢᠯᠲᠠ ᠶᠢᠨ ᠴᠡᠭ ᠢ 100 ᠪᠤᠯᠭᠠᠨ ᠨᠡᠮᠡᠭᠳᠡᠬᠦᠯᠪᠡ᠃ ᠪᠠᠰᠠ ᠮᠠᠨ ᠤ ᠣᠷᠣᠨ ᠤ ᠪᠣᠳᠠᠲᠠᠢ ᠳᠤ ᠨᠡᠶᠢᠴᠡᠭᠰᠡᠨ | ᠲᠦᠭᠦᠬᠡᠢ ᠰᠦ ᠶᠢᠨ ᠦᠨ᠎ᠡ ᠬᠠᠩᠰᠢ ᠶᠢᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠠᠵᠤ ᠦᠢᠯᠡᠰ ᠤᠨ | ᠬᠡᠯᠬᠢᠶ᠎ᠡ ᠶᠢᠨ ᠡᠯ᠎ᠡ ᠭᠤᠣᠯ ᠴᠣᠭᠴᠠ ᠶᠢᠨ ᠠᠰᠢᠭ ᠲᠤᠰᠠ ᠶᠢ ᠬᠠᠮᠠᠭᠠᠯᠠᠵᠤ ᠪᠠᠶᠢᠨ᠎ᠠ᠃ |