ᠣᠶᠢᠷ᠎ᠠ ᠳᠤ ᠬᠦᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠦᠪ ᠤᠨ ᠬᠢᠨ ᠲᠤᠰᠬᠠᠢ ᠮᠡᠷᠭᠡᠵᠢᠯ ᠤᠨ ᠠᠵᠢᠯᠲᠠᠳ ᠢ ᠲᠣᠭᠲᠠᠬᠤ ᠰᠢᠶᠠᠨ ᠬᠢᠬᠡᠳ | ᠢᠦ᠋ᠴᠢᠤᠸᠠᠨ ᠲᠣᠭᠤᠷᠢᠭ ᠲᠠᠬᠢ ᠮᠧᠩ ᠨᠢᠦ ᠪᠦᠯᠦᠭᠯᠡᠯ ᠤᠨ ᠲᠡᠵᠢᠭᠡᠪᠤᠷᠢ ᠶᠢᠨ ᠲᠠᠯᠠᠪᠠᠢ ᠪᠤᠯᠤᠨ ᠢᠯᠢ | ᠪᠦᠯᠦᠭᠯᠡᠯ ᠤᠨ ᠲᠡᠵᠢᠭᠡᠪᠤᠷᠢ ᠶᠢᠨ ᠲᠠᠯᠠᠪᠠᠢ ᠳᠤ ᠲᠤᠮᠢᠯᠠᠨ᠂ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ | ᠬᠡᠮᠵᠢᠯᠲᠡ ᠶᠢᠨ ᠦᠯᠢᠭᠡᠷ ᠠᠪᠬᠤ ᠠᠵᠢᠯ ᠥᠷᠨᠢᠭᠦᠯᠪᠡ᠃ | ᠲᠤᠰᠬᠠᠢ ᠮᠡᠷᠭᠡᠵᠢᠯ ᠤᠨ ᠠᠵᠢᠯᠲᠠᠨ ᠪᠣᠯᠤᠨ ᠬᠠᠷᠢᠶ᠎ᠠ ᠭᠠᠵᠠᠷ ᠤᠨ ᠬᠢᠨᠠᠨ ᠬᠠᠮᠢᠶᠠᠷᠤᠯᠲᠠ ᠶᠢᠨ ᠠᠵᠢᠯᠲᠠᠨ | ᠲᠦᠭᠦᠬᠡᠢ ᠰᠦ ᠶᠢᠨ ᠠᠵᠤ ᠠᠬᠤᠶᠢᠯᠠᠯ ᠤᠨ ᠰᠦ ᠰᠠᠭᠠᠬᠤ ᠪᠠ ᠰᠦ ᠬᠠᠳᠠᠭᠠᠯᠠᠬᠤ ᠲᠥᠬᠦᠭᠡᠷᠦᠮᠵᠢ ᠶᠢᠨ ᠠᠷᠢᠭᠤᠨ | ᠴᠡᠪᠡᠷ ᠤᠨ ᠪᠠᠶᠢᠳᠠᠯ᠂ ᠤᠷᠢᠳᠴᠢᠯᠠᠨ ᠬᠥᠷᠥᠭᠡᠵᠦ ᠰᠢᠢᠳᠪᠦᠷᠢᠯᠡᠬᠦ᠂ ᠲᠤᠰᠢᠶᠠᠬᠤ ᠪᠠ ᠬᠦᠯᠢᠶᠡᠨ ᠠᠪᠬᠤ ᠭᠠᠷᠳᠠᠮ᠂ | ᠰᠢᠨᠵᠢᠯᠡᠨ ᠰᠢᠯᠭᠠᠭᠰᠠᠨ ᠲᠤᠭ᠎ᠠ ᠪᠠᠷᠢᠮᠲᠠ ᠵᠡᠷᠭᠡ ᠳᠤ ᠨᠠᠷᠢᠨ ᠪᠠᠶᠢᠴᠠᠭᠠᠯᠲᠠ ᠬᠢᠵᠡᠢ᠃ ᠡᠭᠦᠨ ᠤ ᠬᠠᠮᠲᠤ ᠰᠦ ᠶᠢᠨ | ᠥᠷᠲᠡᠭᠡᠨ ᠤ ᠰᠦ ᠬᠠᠳᠠᠭᠠᠯᠠᠬᠤ ᠰᠠᠪᠠ ᠠᠴᠠ ᠦᠯᠢᠭᠡᠷ ᠠᠪᠤᠨ᠂ ᠨᠡᠶᠢᠲᠡ 24 ᠪᠦᠯᠦᠭ ᠤᠳᠠᠭ᠎ᠠ ᠦᠯᠢᠭᠡᠷ ᠠᠪᠴᠤ᠂ | ᠲᠤᠭ᠎ᠠ ᠪᠠᠷᠢᠮᠲᠠ ᠶᠢ ᠴᠠᠭ ᠲᠤᠬᠠᠢ ᠳᠤᠨᠢ ᠲᠣᠮᠣ ᠳ᠋ᠠᠶᠢᠲ᠋ᠠ ᠶᠢᠨ ᠲᠠᠪᠴᠠᠩ ᠳᠤ ᠳᠠᠮᠵᠢᠭᠤᠯᠤᠨ ᠣᠷᠣᠭᠤᠯᠵᠤ᠂ | ᠲᠦᠭᠦᠬᠡᠢ ᠰᠦ ᠶᠢᠨ ᠶᠠᠰᠤ ᠴᠢᠨᠠᠷ ᠢ ᠮᠥᠷᠳᠡᠵᠦ ᠪᠣᠯᠬᠤ ᠶᠢ ᠴᠢᠨᠠᠭᠰᠢᠳᠠ ᠠᠬᠢᠭᠤᠯᠵᠦ᠂ ᠰᠦ ᠶᠢᠨ ᠦᠢᠯᠡᠰ ᠤᠨ | ᠠᠮᠤᠷ ᠲᠦᠪᠰᠢᠨ ᠢ ᠪᠠᠳᠤᠯᠠᠬᠤ ᠶᠢ ᠳᠡᠭᠡᠭᠰᠢᠯᠡᠭᠦᠯᠦᠭᠰᠡᠨ ᠪᠠᠶᠢᠨ᠎ᠠ᠃ |