ᠬᠤᠨᠢᠨ ᠤ ᠡᠪᠡᠰᠦ ᠬᠠᠭᠤᠷᠠᠢ ᠡᠪᠡᠰᠦ ᠶᠢ ᠬᠠᠳᠤᠬᠤ ᠳᠤ ᠬᠠᠮᠤᠭ ᠰᠠᠶᠢᠨ ᠨᠢ ᠵᠠᠯᠠᠭᠠᠯᠠᠬᠤ ᠬᠤᠭᠤᠴᠠᠭᠠᠨ ᠳᠤ | ᠪᠠᠶᠢᠳᠠᠭ ᠂ ᠵᠡᠭᠦᠨ ᠬᠤᠶᠢᠲᠤ ᠣᠷᠣᠨ ᠤ ᠬᠤᠨᠢᠨ ᠤ ᠡᠪᠡᠰᠦ ᠶᠢ ᠬᠤᠷᠢᠶᠠᠬᠤ ᠳᠤ ᠭᠤᠣᠯᠳᠠᠭᠤ ᠬᠤᠶᠠᠷ ᠬᠤᠭᠤᠴᠠᠭ᠎ᠠ | ᠬᠤᠪᠢᠶᠠᠨ᠎ᠠ᠂ ᠨᠢᠭᠡ ᠨᠢ 7 — 8 ᠰᠠᠷ᠎ᠠ ᠠᠴᠠ ᠡᠬᠢᠯᠡᠨ ᠡᠪᠡᠰᠦ ᠬᠤᠷᠢᠶᠠᠨ᠎ᠠ᠂ ᠡᠨᠡ ᠦᠶ᠎ᠡ ᠳᠤ ᠰᠢᠮ᠎ᠡ | ᠲᠡᠵᠢᠭᠡᠯ ᠤᠨ ᠴᠢᠨᠠᠷ ᠨᠢ ᠨᠡᠯᠢᠶᠡᠳ ᠥᠨᠳᠥᠷ᠂ ᠪᠣᠷᠣᠯᠠᠭᠤᠯᠤᠯᠲᠠ ᠶᠢᠨ ᠦᠨ᠎ᠡ ᠨᠢ ᠥᠨᠳᠥᠷ᠂ ᠭᠠᠷᠤᠯᠲᠠ ᠶᠢᠨ | ᠬᠡᠮᠵᠢᠶ᠎ᠡ ᠨᠢ ᠳᠣᠣᠷ᠎ᠠ᠂ ᠤᠰᠤᠨ ᠤ ᠠᠭᠤᠯᠤᠭᠳᠠᠴᠠ ᠨᠢ ᠶᠡᠭᠡ᠂ ᠶᠡᠷᠦ ᠳᠡᠭᠡᠨ 16% ᠠᠴᠠ ᠳᠡᠭᠡᠭᠰᠢ ᠪᠠᠶᠢᠵᠤ᠂ | ᠤᠷᠳᠤ ᠬᠤᠭᠤᠴᠠᠭ᠎ᠠ ᠪᠠᠷ ᠬᠠᠳᠠᠭᠠᠯᠠᠬᠤ ᠳᠤ ᠬᠦᠴᠢᠷ᠃ ᠣᠳᠣᠬᠠᠨ ᠤ ᠨᠠᠶᠢᠷᠠᠭᠤᠯᠬᠤ ᠠᠷᠭ᠎ᠠ ᠪᠣᠯ ᠬᠠᠳᠤᠭᠰᠠᠨ ᠤ | ᠳᠠᠷᠠᠭ᠎ᠠ 1 — 3 ᠡᠳᠦᠷ ᠬᠠᠳᠠᠭᠠᠭᠰᠠᠨ ᠤ ᠳᠠᠷᠠᠭ᠎ᠠ ᠤᠷᠢᠳ ᠢᠶᠠᠷ ᠰᠦᠪᠡᠷᠬᠡᠭ ᠵᠢᠵᠢᠭ ᠣᠪᠣᠭ᠎ᠠ ᠪᠣᠯᠭᠠᠨ | ᠣᠪᠣᠭᠠᠯᠠᠵᠤ᠂ ᠠᠭᠠᠵᠢᠮ ᠢᠶᠠᠷ ᠰᠡᠭᠦᠳᠡᠷ ᠲᠤ ᠬᠠᠲᠠᠭᠠᠨ᠂ ᠤᠰᠤᠨ ᠤ ᠠᠭᠤᠯᠤᠭᠳᠠᠴᠠ ᠨᠢ 16% ᠣᠷᠴᠢᠮ | ᠪᠣᠯᠪᠠᠯ ᠣᠪᠣᠭᠠᠯᠠᠬᠤ᠂ ᠡᠰᠡᠬᠦᠯ᠎ᠡ ᠪᠡᠯᠴᠢᠭᠡᠷ ᠲᠤ ᠣᠪᠣᠭᠠᠯᠠᠭᠠᠳ ᠰᠢᠭᠤᠳ ᠪᠤᠭᠤᠵᠢᠯᠠᠵᠤ ᠂ ᠡᠰᠡᠬᠦᠯ᠎ᠡ ᠬᠥᠮᠥᠷᠭᠡ ᠳᠤ | ᠬᠦᠷᠭᠡᠵᠦ ᠬᠠᠳᠠᠭᠠᠯᠠᠨ᠎ᠠ᠃ ᠬᠤᠶᠠᠷ ᠲᠤ 8 ᠰᠠᠷ᠎ᠠ ᠶᠢᠨ ᠰᠡᠭᠦᠯᠴᠢ ᠠᠴᠠ 9 ᠰᠠᠷ᠎ᠠ ᠪᠣᠯᠲᠠᠯᠠᠬᠢ ᠬᠤᠭᠤᠴᠠᠭᠠᠨ ᠳᠤ | ᠬᠠᠳᠤᠨ᠎ᠠ᠂ ᠡᠨᠡ ᠦᠶ᠎ᠡ ᠳᠤ ᠨᠢᠭᠡᠨᠲᠡ ᠪᠣᠷᠣᠭᠠᠨ ᠤ ᠤᠯᠠᠷᠢᠯ ᠥᠩᠭᠡᠷᠡᠵᠦ᠂ ᠨᠡᠷᠡᠨ ᠳᠤ ᠡᠭᠡᠭᠡᠵᠦ ᠪᠣᠯᠬᠤ ᠴᠠᠭ ᠨᠢ | ᠣᠷᠳᠣ ᠰᠢᠭ᠋ ᠪᠠᠶᠢᠵᠤ᠂ ᠠᠭᠠᠷ ᠤᠨ ᠳᠤᠯᠠᠭᠠᠨ ᠨᠢ ᠴᠦ ᠢᠯᠡᠳᠲᠡ ᠪᠠᠭᠤᠷᠠᠵᠤ᠂ ᠠᠮᠠᠷᠬᠠᠨ ᠸᠠᠯᠠᠬᠤ ᠦᠭᠡᠢ᠂ | ᠬᠠᠭᠤᠷᠠᠢ ᠡᠪᠡᠰᠦᠨ ᠤ ᠤᠰᠤᠨ ᠤ ᠠᠭᠤᠯᠤᠭᠳᠠᠴᠠ ᠨᠢ 13% ᠠᠴᠠ ᠳᠣᠷᠣᠭᠰᠢ ᠪᠠᠶᠢᠵᠤ᠂ ᠶᠡᠭᠡ ᠬᠡᠮᠵᠢᠶ᠎ᠡ ᠪᠠᠷ | ᠬᠤᠳᠠᠯᠳᠤᠨ ᠠᠪᠬᠤ ᠪᠤᠶᠤ ᠣᠷᠳᠣ ᠬᠤᠭᠤᠴᠠᠭ᠎ᠠ ᠪᠠᠷ ᠬᠠᠳᠠᠭᠠᠯᠠᠵᠤ ᠪᠣᠯᠣᠨ᠎ᠠ᠃ ᠭᠡᠪᠡᠴᠦ ᠬᠠᠳᠤᠬᠤ ᠬᠤᠭᠤᠴᠠᠭ᠎ᠠ | ᠨᠢ ᠨᠢᠭᠡᠨᠲᠡ ᠪᠣᠯᠪᠠᠰᠤᠷᠠᠭᠰᠠᠨ ᠬᠤᠭᠤᠴᠠᠭ᠎ᠠ ᠠᠴᠠ ᠪᠠᠨ ᠥᠩᠭᠡᠷᠡᠭᠡᠳ ᠰᠢᠷᠠᠯᠠᠬᠤ ᠬᠤᠭᠤᠴᠠᠭ᠎ᠠ ᠳᠤ ᠣᠷᠣᠭᠰᠠᠨ | ᠤᠴᠢᠷ ᠠᠴᠠ ᠬᠠᠭᠤᠷᠠᠢ ᠡᠪᠡᠰᠦᠨ ᠤ ᠶᠠᠰᠤ ᠴᠢᠨᠠᠷ ᠨᠢ ᠪᠠᠭᠤᠷᠠᠭᠰᠠᠨ ᠪᠠᠶᠢᠳᠠᠭ᠃ | | | | |