ᠰᠢᠨᠵᠢᠯᠡᠬᠦ ᠤᠬᠠᠭᠠᠨ ᠮᠡᠷᠭᠡᠵᠢᠯ ᠤᠨ ᠤᠨᠴᠠ ᠲᠣᠮᠢᠯᠠᠭᠳᠠᠭᠴᠢ ᠨᠠᠷᠠᠨᠮᠠᠨᠳᠤᠯ᠎ᠠ ︵ᠳᠤᠮᠳᠠᠬᠢ︶ ᠮᠠᠯ ᠤᠨᠤᠭ᠎ᠠ ᠶᠢᠨ ᠪᠠᠶᠢᠩᠭᠤ ᠳᠤᠬᠢᠶᠠᠯᠳᠤᠳᠠᠭ ᠡᠪᠡᠳᠴᠢᠨ ᠬᠡᠮ ᠢ ᠵᠠᠰᠠᠬᠤ ᠠᠷᠭ᠎ᠠ ᠶᠢ ᠵᠢᠭᠠᠵᠦ ᠪᠠᠶᠢᠨ᠎ᠠ
ᠨᠡᠶᠢᠲᠡᠯᠡᠭᠰᠡᠨ ᠴᠠᠭ᠄
2023/7/20
      ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤ ︽ᠰᠤᠮᠤ ᠪᠠᠯᠭᠠᠰᠦ ᠪᠦᠷᠢ ᠳᠤ ᠨᠢᠭᠡ ᠰᠢᠨᠵᠢᠯᠡᠬᠦ ᠤᠬᠠᠭᠠᠨ ᠮᠡᠷᠭᠡᠵᠢᠯ ᠤᠨ ᠤᠨᠴᠠ ᠲᠤᠮᠢᠯᠠᠬᠳᠠᠬᠴᠢ ᠳᠤᠬᠢᠷᠠᠭᠤᠯᠬᠤ ᠳᠦᠯᠦᠪᠯᠡᠭᠡ︾ ᠶᠢ ᠬᠦᠨᠵᠡᠭᠡᠢ ᠠᠬᠢᠭᠤᠯᠵᠦ᠂ 15 ᠬᠦᠮᠦᠨ ᠤ ᠳᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠤᠨᠴᠠ ᠲᠣᠮᠢᠯᠠᠭᠳᠠᠭᠴᠢᠳ ᠤᠨ ᠦᠢᠯᠡᠴᠢᠯᠡᠭᠡᠨ ᠤ ᠠᠩᠭᠢ ᠶᠢ ᠵᠤᠬᠢᠶᠠᠨ ᠪᠠᠶᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠬᠠᠩᠭᠠᠵᠦ ᠮᠠᠯᠴᠢᠳ ᠤᠨ ᠬᠦᠷᠢᠶᠡᠯᠡᠯ ᠢ ᠤᠯᠵᠦ ᠪᠠᠶᠢᠨ᠎ᠠ᠃
122.png
          ᠵᠢᠷᠤᠭ ᠪᠤᠯ ᠰᠢᠨᠵᠢᠯᠡᠬᠦ ᠤᠬᠠᠭᠠᠨ ᠮᠡᠷᠭᠡᠵᠢᠯ ᠤᠨ ᠤᠨᠴᠠ ᠲᠣᠮᠢᠯᠠᠭᠳᠠᠭᠴᠢ ᠨᠠᠷᠠᠨᠮᠠᠨᠳᠤᠯ᠎ᠠ ︵ᠳᠤᠮᠳᠠᠬᠢ︶ ᠳᠤᠬᠠᠢ ᠶᠢᠨ ᠭᠠᠵᠠᠷ ᠤᠨ ᠮᠠᠯᠴᠢᠳ ᠲᠤ ᠦᠭᠡᠷ ᠤᠨ ᠬᠦᠵᠡᠭᠡᠨ ᠳᠤ ᠢᠳᠡᠰᠢ ᠬᠤᠷᠠᠬᠤ᠂ ᠬᠡᠢ ᠦᠯᠢᠶᠡᠭᠦ ᠪᠠ ᠨᠢᠳᠦᠨ ᠤ ᠡᠪᠡᠷᠯᠢᠭ ᠪᠦᠷᠭᠦᠪᠴᠢ ᠶᠢᠨ ᠦᠷᠪᠢᠰᠦᠯ ᠵᠡᠷᠭᠡ ᠮᠠᠯ ᠤᠨᠤᠭ᠎ᠠ ᠶᠢᠨ ᠪᠠᠶᠢᠩᠭᠤ ᠳᠤᠬᠢᠶᠠᠯᠳᠤᠳᠠᠭ ᠡᠪᠡᠳᠴᠢᠨ ᠬᠡᠮ ᠢ ᠵᠠᠰᠠᠬᠤ ᠠᠷᠭ᠎ᠠ ᠶᠢ ᠵᠢᠭᠠᠵᠦ ᠪᠠᠶᠢᠭ᠎ᠠ ᠨᠢ᠃      ᠴᠢᠨ ᠫᠧᠢ ᠢᠦᠢ ᠯᠢᠩ ᠰᠡᠭᠦᠳᠡᠷᠯᠡᠪᠡ
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号