ᠥᠪᠥᠷ ᠮᠣᠩᠭᠤᠯ ᠤᠨ ᠠᠲᠠᠷ ᠬᠠᠭᠠᠯᠪᠤᠷᠢᠯᠠᠯᠲᠠ ᠶᠢᠨ ᠲᠣᠪᠴᠢᠶ᠎ᠠ ᠭᠤᠣᠯ ᠪᠣᠯᠬᠤ ᠠᠮᠤ ᠪᠤᠳᠠᠭ᠎ᠠ ᠲᠣᠰᠣᠨ ᠤ ᠲᠠᠷᠢᠮᠠᠯ ᠤᠨ ᠭᠠᠷᠤᠯᠲᠠ ᠶᠢᠨ ︽ᠶᠡᠭᠡ ᠮᠥᠷᠥᠶᠢᠴᠡᠭᠡᠨ︾ ᠤ ᠠᠵᠢᠯᠯᠠᠭ᠎ᠠ ᠵᠢᠴᠢ ︽ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡ + ᠣᠷᠣᠨ ᠨᠤᠲᠤᠭ︾ ᠤᠨ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/21
图片1.png
       ᠠᠲᠠᠷ ᠬᠠᠭᠠᠯᠪᠤᠷᠢᠯᠠᠯᠲᠠ ᠶᠢᠨ ᠠᠮᠤ ᠪᠤᠳᠠᠭ᠎ᠠ ᠲᠣᠰᠣ ᠵᠡᠷᠭᠡ ᠭᠤᠣᠯ ᠪᠣᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠ ︽ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡ + ᠣᠷᠣᠨ ᠨᠤᠲᠤᠭ︾ ᠤᠨ ᠠᠵᠢᠯᠯᠠᠭ᠎ᠠ ︵ᠳᠣᠷᠣᠭᠰᠢ ︽ᠬᠤᠶᠠᠷ ᠠᠵᠢᠯᠯᠠᠭ᠎ᠠ︾ ᠭᠡᠵᠦ ᠲᠣᠪᠴᠢᠯᠠᠨ᠎ᠠ︶ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠺᠣᠮᠫᠠᠨᠢ ᠳᠤ ᠭᠤᠣᠯ ᠪᠣᠯᠬᠤ ᠠᠮᠤ ᠪᠤᠳᠠᠭ᠎ᠠ ᠲᠣᠰᠣᠨ ᠤ ᠲᠠᠷᠢᠮᠠᠯ ᠤᠨ ᠭᠠᠷᠤᠯᠲᠠ ᠶᠢᠨ ︽ᠶᠡᠭᠡ ᠮᠥᠷᠥᠶᠢᠴᠡᠭᠡᠨ︾ ᠤ ᠠᠵᠢᠯᠯᠠᠭ᠎ᠠ ᠵᠢᠴᠢ ︽ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡ + ᠣᠷᠣᠨ ᠨᠤᠲᠤᠭ︾ ᠤᠨ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠩ ᠵᠢᠩ ᠮᠢᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠣᠣ ᠶᠦᠩ ᠬᠤᠸᠠ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃ 
图片2.png
       ᠠᠵᠢᠯᠯᠠᠭ᠎ᠠ ᠶᠢᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠷᠢᠳ ᠬᠤᠵᠢᠳ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠮᠦᠸᠧ ᠭᠤᠸᠠᠢ ᠲᠠᠷᠢᠶᠠᠯᠠᠩ ᠮᠠᠯᠵᠢᠯ ᠤᠨ ᠲᠠᠯᠠᠪᠠᠢ ᠶᠢᠨ ᠺᠣᠮᠫᠠᠨᠢ᠂ ᠶᠠᠭᠰᠢ ᠲᠠᠷᠢᠶᠠᠯᠠᠩ ᠮᠠᠯᠵᠢᠯ ᠤᠨ ᠲᠠᠯᠠᠪᠠᠢ ᠶᠢᠨ ᠺᠣᠮᠫᠠᠨᠢ᠂ ᠲᠠᠷᠢᠶᠠᠯᠠᠩ ᠤᠢ ᠰᠢᠭᠤᠢ ᠶᠢᠨ ᠲᠤᠷᠰᠢᠯᠲᠠ ᠶᠢᠨ ᠦᠷᠳᠡᠭᠡ ᠳᠤ ᠬᠦᠷᠴᠦ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠦ ᠰᠣᠯᠢᠯᠴᠠᠭ᠎ᠠ ᠬᠢᠵᠡᠢ᠃      ᠮᠦᠸᠧ ᠭᠤᠸᠠᠢ ᠲᠠᠷᠢᠶᠠᠯᠠᠩ ᠮᠠᠯᠵᠢᠯ ᠤᠨ ᠲᠠᠯᠠᠪᠠᠶ ᠶᠢᠨ ᠺᠣᠮᠫᠠᠨᠢ ᠶᠢᠨ ᠳᠥᠷᠪᠡᠳᠦᠭᠡᠷ ᠰᠤᠮᠤ ︵ᠠᠩᠭᠢ︶ ᠶᠢᠨ ᠰᠢᠯᠢᠮᠳᠡᠭ ᠤᠨ ᠵᠢᠱᠢᠶ᠎ᠡ ᠦᠵᠡᠭᠦᠯᠬᠦ ᠲᠠᠷᠢᠶ᠎ᠠ ᠪᠠ ᠭᠤᠷᠪᠠᠳᠤᠭᠠᠷ ᠰᠤᠮᠤ ︵ᠠᠩᠭᠢ︶ ᠶᠢᠨ ᠪᠤᠭᠤᠳᠠᠢ ᠶᠢᠨ ᠵᠢᠱᠢᠶ᠎ᠡ ᠦᠵᠡᠭᠦᠯᠬᠦ ᠲᠠᠷᠢᠶᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠰᠢᠯᠢᠮᠳᠡᠭ ᠪᠣᠯᠣᠨ ᠪᠤᠭᠤᠳᠠᠢ ᠶᠢᠨ ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠰᠢᠯᠢᠮᠳᠡᠭ᠂ ᠪᠤᠭᠤᠳᠠᠢ ᠶᠢᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠳᠠᠷᠢᠬᠤ ᠮᠡᠷᠭᠡᠵᠢᠯ ᠪᠣᠯᠣᠨ ᠵᠠᠭᠪᠤᠷ ᠢ ᠰᠤᠷᠤᠯᠴᠠᠵᠤ᠂ ᠪᠤᠭᠤᠳᠠᠢ ᠶᠢ ᠡᠭᠡᠯᠵᠢᠯᠡᠨ ᠳᠠᠷᠢᠬᠤ᠂ ᠭᠠᠩ ᠬᠠᠭᠰᠠᠷᠠᠭᠠᠨ ᠳᠤ ᠳᠠᠭᠠᠭᠠᠴᠠᠲᠠᠢ ᠴᠢᠬᠢᠭ ᠢ ᠬᠠᠮᠠᠭᠠᠯᠠᠬᠤ᠂ ᠬᠠᠭᠠᠯᠪᠤᠷᠢᠯᠠᠬᠤ ᠦᠭᠡᠢ ᠪᠠᠷ ᠳᠠᠷᠢᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠪᠦᠬᠦ ᠶᠠᠪᠤᠴᠠ ᠶᠢ ᠮᠠᠰᠢᠨᠴᠢᠯᠠᠬᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠲᠣᠭᠤᠷᠢᠨ ᠳᠤ ᠭᠤᠣᠯᠳᠠᠯᠭ᠎ᠠ ᠲᠠᠢ ᠲᠣᠭᠤᠷᠢᠨ ᠦᠵᠡᠪᠡ᠃      ᠶᠠᠭᠰᠢ ᠲᠠᠷᠢᠶᠠᠯᠠᠩ ᠮᠠᠯᠵᠢᠯ ᠤᠨ ᠲᠠᠯᠠᠪᠠᠶ ᠶᠢᠨ ᠺᠣᠮᠫᠠᠨᠢ ᠶᠢᠨ ᠭᠤᠷᠪᠠᠳᠤᠭᠠᠷ ᠰᠤᠮᠤ ︵ᠠᠩᠭᠢ︶ ᠶᠢᠨ ᠰᠢᠬᠢᠷ ᠯᠤᠤᠪᠠᠩ ᠤᠨ ᠭᠠᠵᠠᠷ ᠲᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠣᠶᠤᠨᠴᠢ ᠮᠧᠬᠠᠨᠢᠭ ᠲᠠᠷᠢᠶᠠᠯᠠᠩ ᠤᠨ ᠮᠠᠰᠢᠨ ᠢ ᠳᠡᠯᠭᠡᠷᠡᠭᠦᠯᠦᠨ ᠬᠡᠷᠡᠭᠯᠡᠭᠰᠡᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠰᠢᠬᠢᠷ ᠯᠤᠤᠪᠠᠩ ᠤᠨ ᠮᠠᠰᠢᠨᠴᠢᠯᠠᠯᠲᠠ᠂ ᠪᠠᠷᠢᠮᠵᠢᠶᠠᠵᠢᠭᠤᠯᠤᠯᠲᠠ ᠶᠢᠨ ᠦᠢᠯᠡᠳᠪᠦᠷᠢᠯᠡᠯ ᠵᠢᠴᠢ ᠣᠶᠤᠨᠴᠢ ᠲᠠᠷᠢᠶᠠᠯᠠᠩ ᠤᠨ ᠮᠠᠰᠢᠨ ᠤ ᠬᠡᠷᠡᠭᠯᠡᠯᠲᠡ ᠵᠡᠷᠭᠡ ᠲᠠᠯ᠎ᠠ ᠶᠢᠨ ᠲᠤᠷᠰᠢᠯᠭ᠎ᠠ ᠪᠠ ᠠᠷᠭ᠎ᠠ ᠬᠢᠳᠡᠯ ᠢ ᠭᠤᠣᠯᠳᠠᠯᠭ᠎ᠠ ᠲᠠᠢ ᠰᠤᠷᠤᠯᠴᠠᠪᠠ᠃      ᠲᠠᠷᠢᠶᠠᠯᠠᠩ ᠣᠶ ᠰᠢᠭᠤᠢ ᠶᠢᠨ ᠲᠤᠷᠰᠢᠯᠲᠠ ᠶᠢᠨ ᠥᠷᠲᠡᠭᠡ ᠳᠤ᠂ ᠬᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠤᠷ ᠲᠤ ᠲᠤᠷᠰᠢᠯᠲᠠ ᠶᠢᠨ ᠲᠠᠷᠢᠶᠠᠨ ᠤ ᠲᠠᠷᠢᠶᠠᠯᠠᠭ᠎ᠠ ᠵᠢᠴᠢ ᠬᠠᠮᠢᠶᠠᠷᠤᠯᠲᠠ ᠶᠢᠨ ᠪᠠᠶᠢᠳᠠᠯ ᠢ ᠲᠣᠭᠤᠷᠢᠨ ᠦᠵᠡᠵᠦ᠂ ᠰᠢᠨ᠎ᠡ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠵᠢᠴᠢ ᠳᠡᠯᠭᠡᠷᠡᠭᠦᠯᠦᠭᠰᠡᠨ ᠦᠷ᠎ᠡ ᠪᠦᠲᠦᠭᠡᠯ ᠵᠢᠴᠢ ᠲᠦᠭᠦᠭᠡᠷᠦᠮᠵᠢᠲᠦ ᠲᠠᠷᠢᠶᠠᠯᠠᠩ ᠤᠨ ᠮᠡᠷᠭᠡᠵᠢᠯ ᠤᠨ ᠵᠠᠭᠪᠤᠷ ᠢ ᠣᠶᠢᠯᠠᠭᠠᠨ᠂ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ᠂ ᠪᠣᠷᠳᠤᠭᠤᠷ ᠡᠮ ᠢ ᠪᠠᠭᠠᠰᠬᠠᠬᠤ᠂ ᠲᠤᠬᠠᠢ ᠶᠢᠨ ᠭᠠᠵᠠᠷ ᠲᠤ ᠲᠣᠬᠢᠷᠠᠮᠵᠢᠲᠠᠢ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ᠂ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠲᠠᠯ᠎ᠠ ᠶᠢᠨ ᠲᠤᠷᠰᠢᠯᠭ᠎ᠠ ᠪᠠᠨ ᠰᠣᠯᠢᠯᠴᠠᠪᠠ᠃ 
图片3.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠤᠤ ᠶᠦᠩ ᠬᠤᠸᠠ᠂ ᠡᠯ᠎ᠡ ᠲᠠᠷᠢᠶᠠᠯᠠᠩ ᠤᠨ ᠲᠠᠯᠠᠪᠠᠢ ᠨᠡᠶᠢᠭᠡᠮᠴᠢᠯᠡᠭᠰᠡᠨ ᠦᠢᠯᠡᠴᠢᠯᠡᠭᠡ ᠶᠢ ᠢᠳᠡᠪᠬᠢᠲᠡᠢ ᠠᠬᠢᠭᠤᠯᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠨ ᠪᠠᠶᠢᠭᠤᠯᠬᠤᠬᠡᠷᠡᠭᠲᠡᠢ︔ ᠲᠦᠭᠦᠭᠡᠷᠦᠮᠵᠢᠲᠦ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠤᠯᠠᠨ ᠡᠰᠢᠴᠢᠯᠡᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠠᠶᠢᠷᠢᠰᠢᠯ ᠤᠨ ᠪᠦᠲᠦᠴᠡ ᠨᠢ ᠵᠦᠢ ᠵᠣᠬᠢᠰᠲᠠᠢ᠂ ᠠᠵᠤ ᠦᠢᠯᠡᠰ ᠤᠨ ᠣᠨᠴᠠᠯᠢᠭ ᠨᠢ ᠲᠣᠪᠣᠶᠢᠮ᠎ᠠ᠂ ᠡᠬᠢ ᠪᠠᠶᠠᠯᠢᠭ ᠤᠨ ᠲᠣᠬᠢᠷᠠᠭᠤᠯᠤᠯᠲᠠ ᠨᠢ ᠰᠢᠨᠵᠢᠯᠡᠬᠦ ᠤᠬᠠᠭᠠᠨᠴᠢ᠂ ᠶᠡᠷᠦᠩᠬᠡᠶᠢᠯᠡᠭᠰᠡᠨ ᠴᠢᠳᠠᠮᠵᠢ ᠨᠢ ᠪᠦᠷᠢᠨ ᠭᠦᠢᠴᠡᠳ᠂ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠨᠢ ᠲᠡᠷᠢᠭᠦᠨ ᠤ ᠲᠦᠭᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
图片4.png
       ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠩ ᠵᠢᠩ ᠮᠢᠨ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠡᠭᠦᠷᠭᠡ ᠬᠠᠷᠢᠭᠤᠴᠠᠯᠭ᠎ᠠ ᠶᠢᠨ ᠰᠢᠨ᠎ᠡ ᠠᠭᠤᠯᠤᠭᠳᠠᠬᠤᠨ ᠢ ᠭᠦᠨᠵᠡᠭᠡᠢ ᠲᠠᠨᠢᠵᠤ᠂ ᠠᠮᠤ ᠪᠤᠳᠠᠭ᠎ᠠ ᠳᠤᠰᠤᠨ ᠤ ᠦᠢᠯᠡᠳᠪᠦᠷᠢᠯᠡᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ︽ᠠᠲᠠᠷ ᠬᠠᠭᠠᠯᠪᠤᠷᠢᠯᠠᠯᠲᠠ ᠶᠢᠨ ᠦᠢᠯᠡᠳᠦᠯ︾ ᠢ ᠪᠠᠳᠠᠷᠠᠭᠤᠯᠬᠤ ᠬᠡᠷᠡᠭᠲᠡᠢ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ ᠵᠠᠭᠪᠤᠷ ᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠥᠷᠨᠢᠭᠦᠯᠵᠦ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠣᠲᠣ ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠤᠯᠤᠰ ᠤᠨ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢᠨ ᠬᠤᠰᠢᠭᠤᠴᠢ ᠣᠷᠣᠨ ᠪᠠ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠡᠭᠦᠳᠴᠦ᠂ ᠣᠲᠣ ᠦᠶ᠎ᠡ ᠶᠢᠨ ᠲᠠᠷᠢᠶᠠᠯᠠᠩ ᠤᠨ ︽ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠥᠯᠢᠭᠡᠷ ᠬᠡᠪ︾ ᠢ ᠪᠣᠶ ᠪᠣᠯᠭᠠᠬᠤ ᠬᠡᠷᠡᠭᠲᠡᠢ︔ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠦᠴᠦᠯᠡᠨ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠠᠲᠠᠷ ᠬᠠᠭᠠᠯᠪᠤᠷᠢᠯᠠᠯᠲᠠ ᠶᠢᠨ ᠡᠭᠦᠷᠭᠡᠯᠡᠯ︾ ᠢ ᠴᠢᠩᠭᠠᠳᠬᠠᠬᠤ ᠬᠡᠷᠡᠭᠲᠡᠢ᠃ ᠣᠳᠣᠬᠢ ᠱᠠᠲᠤᠨ ᠳᠤ᠂ ︽ᠬᠤᠶᠠᠷ ᠠᠵᠢᠯᠯᠠᠭ᠎ᠠ︾ ᠶᠢ ᠬᠡᠷᠡᠭᠵᠢᠭᠦᠯᠬᠦ ᠪᠣᠯ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠠᠵᠢᠯ ᠤᠨ ᠲᠤᠯᠬᠤ ᠴᠡᠭ ᠪᠣᠯᠣᠨ᠎ᠠ᠂ ᠡᠯ᠎ᠡ ᠱᠠᠲᠤᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠪᠣᠯᠣᠨ ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ ᠨᠤᠭᠤᠳ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯᠯᠠᠭ᠎ᠠ ᠶᠢᠨ ᠲᠠᠯ᠎ᠠ ᠪᠠᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠠᠶᠢᠳᠠᠪᠤᠷᠢᠵᠢᠭᠤᠯᠬᠤ ᠲᠠᠯ᠎ᠠ ᠪᠠᠷ ᠣᠷᠳᠣ ᠪᠥᠭᠡᠳ ᠨᠠᠷᠢᠯᠢᠭ ᠠᠳᠬᠤᠵᠤ᠂ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠬᠦ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ︽ᠶᠡᠭᠡ ᠮᠥᠷᠥᠶᠢᠴᠡᠭᠡᠨ︾ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠠᠮᠤ ᠪᠤᠳᠠᠭ᠎ᠠ ᠲᠣᠰᠣ ᠵᠡᠷᠭᠡ ᠭᠤᠣᠯ ᠪᠣᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠲᠤᠰᠬᠠᠶᠢᠵᠢᠭᠰᠠᠨ ᠦᠢᠯᠡᠴᠢᠯᠡᠭᠡᠨ ᠤ ᠺᠣᠮᠫᠠᠨᠢ ᠪᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ ᠪᠠ ᠲᠠᠷᠢᠶᠠᠯᠠᠩ ᠤᠨ ᠠᠵᠢᠯᠲᠠᠨ ᠠᠵᠢᠯᠴᠢᠨ ᠢᠶᠠᠷ ᠨᠥᠬᠦᠪᠦᠷᠢ ᠪᠣᠯᠭᠠᠭᠰᠠᠨ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠠᠵᠤ ᠦᠢᠯᠡᠰ ᠤᠨ ᠬᠤᠯᠪᠣᠭ᠎ᠠ ᠪᠠᠷ ᠬᠠᠮᠵᠢᠯᠴᠠᠬᠤ ᠲᠠᠪᠴᠠᠩ ᠪᠣᠯᠭᠠᠭᠰᠠᠨ ᠦᠢᠯᠡᠴᠢᠯᠡᠭᠡᠨ ᠤ ᠰᠦᠷᠦᠭᠵᠢᠯ ᠢ ᠢᠳᠡᠪᠬᠢᠲᠡᠢ ᠪᠠᠷ ᠪᠣᠶ ᠪᠣᠯᠭᠠᠵᠤ᠂ ᠨᠢᠭᠡ ᠪᠦᠯᠦᠭ ᠮᠡᠷᠭᠡᠵᠢᠯ ᠤᠨ ᠬᠢᠷᠢ ᠬᠡᠮᠵᠢᠶ᠎ᠡ ᠪᠠᠷ ᠥᠨᠳᠥᠷ᠂ ᠨᠥᠯᠥᠭᠡᠯᠡᠨ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠦᠢᠯᠡᠴᠢᠯᠡᠭᠡᠨ ᠤ ᠦᠷ᠎ᠡ ᠪᠦᠲᠦᠮᠵᠢ ᠪᠠᠷ ᠰᠠᠶᠢᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ ᠪᠠᠶᠢᠭᠤᠯᠵᠤ᠂ ᠣᠷᠣᠨ ᠨᠤᠲᠤᠭ ᠲᠤ ᠬᠠᠨᠳᠤᠭᠤᠯᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠭᠦᠨᠵᠡᠭᠡᠢ ᠥᠷᠨᠢᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠯᠪᠡᠷᠢ ᠮᠠᠶ᠋ᠢᠭ ᠪᠠ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠠᠲᠠᠷ ᠬᠠᠭᠠᠯᠪᠤᠷᠢᠯᠠᠯᠲᠠ ᠶᠢᠨ ᠬᠤᠯᠪᠤᠭᠠᠯᠠᠨ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ ᠢ ᠢᠳᠡᠪᠬᠢᠲᠡᠢ ᠪᠣᠶ ᠪᠣᠯᠭᠠᠵᠤ᠂ ᠣᠷᠣᠨ ᠨᠤᠲᠤᠭ ᠢ ᠳᠠᠶᠢᠴᠢᠯᠠᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠵᠦ᠂ ᠠᠮᠤ ᠪᠤᠳᠠᠭ᠎ᠠ ᠪᠠ ᠴᠢᠬᠤᠯᠠ ᠦᠢᠯᠡᠳᠬᠦᠨ ᠤ ᠠᠶᠤᠯᠭᠦᠢ ᠬᠠᠩᠭᠠᠯᠭ᠎ᠠ ᠶᠢ ᠪᠠᠲᠤᠯᠠᠬᠤ ᠳᠤᠮᠳᠠᠬᠢ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠤᠯᠤᠰ ᠤᠨ ᠠᠩᠭᠢ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
图片5.png
       ᠬᠤᠷᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠲᠣᠪᠴᠢᠶ᠎ᠠ ᠶᠢᠨ ᠳᠠᠷᠤᠭ᠎ᠠ ᠭᠦᠸᠧ ᠷᠦᠩ ᠴᠢᠨ ᠡᠷᠭᠢᠯᠡᠪᠡ᠃      ᠬᠥᠯᠥᠨ ᠪᠤᠶᠢᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠢᠩᠭᠠᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠪᠠᠶᠠᠨᠨᠠᠭᠤᠷ ᠬᠤᠳᠠ ᠶᠢᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠯᠥᠨ ᠪᠤᠶᠢᠷ ᠬᠤᠳᠠ ᠶᠢᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠵᠢᠴᠢ ᠬᠤᠶᠠᠳᠤᠭᠠᠷ ᠳᠡᠰ ᠤᠨ ᠨᠢᠭᠡᠴᠢ ᠶᠢᠨ 200 ᠭᠠᠷᠤᠢ ᠲᠥᠯᠥᠭᠡᠯᠡᠭᠴᠢ ︽ᠶᠡᠭᠡ ᠮᠥᠷᠥᠶᠢᠴᠡᠭᠡᠨ︾ ᠤ ᠠᠵᠢᠯᠯᠠᠭ᠎ᠠ ᠳᠤ ᠣᠷᠣᠯᠴᠠᠪᠠ᠃ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠬᠢᠩᠭᠠᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠪᠠᠶᠠᠨᠨᠠᠭᠤᠷ ᠬᠤᠳᠠ ᠶᠢᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠯᠠᠩ ᠱᠠᠨ ᠲᠠᠷᠢᠶᠠᠯᠠᠩ ᠤᠨ ᠲᠠᠯᠠᠪᠠᠢ᠂ ᠶᠡᠭᠡ ᠬᠢᠩᠭᠠᠨ ᠳᠠᠪᠠᠭᠠᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠶᠡᠭᠡ ᠭᠤᠣᠯ ᠪᠤᠯᠤᠩ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠺᠣᠮᠫᠠᠨᠢ ᠶᠢᠨ ᠭᠤᠣᠯ ᠪᠣᠯᠬᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠ ᠨᠡᠶᠢᠭᠡᠮᠴᠢᠯᠡᠭᠰᠡᠨ ᠦᠢᠯᠡᠴᠢᠯᠡᠭᠡ ᠶᠢᠨ ᠲᠣᠭᠤᠷᠢᠨ ᠳᠤ ᠨᠡᠶᠢᠲᠡᠯᠢᠭ ᠶᠠᠷᠢᠶ᠎ᠠ ᠲᠠᠯᠪᠢᠵᠠᠢ᠃ 
图片6.png
       ᠲᠣᠰ ᠤᠳᠠᠭᠠᠨ ᠤ ᠠᠵᠢᠯᠯᠠᠭ᠎ᠠ ᠨᠢ 2023 ᠣᠨ ᠤ ᠥᠪᠥᠷ ᠮᠣᠩᠭᠤᠯ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠭᠤᠣᠯ ᠪᠣᠯᠬᠤ ᠠᠮᠤ ᠪᠤᠳᠠᠭ᠎ᠠ ᠲᠣᠰᠣᠨ ᠤ ᠲᠠᠷᠢᠮᠠᠯ ᠤᠨ ᠭᠠᠷᠤᠯᠲᠠ ᠶᠢᠨ ︽ᠶᠡᠭᠡ ᠮᠥᠷᠥᠶᠢᠴᠡᠭᠡᠨ︾ ᠪᠠ ︽ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡ + ᠣᠷᠣᠨ ᠨᠤᠲᠤᠭ︾ ᠤᠨ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠪᠡ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠲᠡᠷᠢᠭᠦᠨ ᠤ ᠲᠠᠷᠢᠶᠠᠯᠠᠩ ᠤᠨ ᠮᠡᠷᠭᠡᠵᠢᠯ ᠢ ᠲᠥᠪᠯᠡᠷᠡᠭᠦᠯᠦᠨ ᠬᠡᠷᠡᠭᠯᠡᠭᠰᠡᠨ ᠡᠯᠪᠡᠭ ᠪᠠᠶᠠᠯᠢᠭ ᠦᠷ᠎ᠡ ᠪᠦᠲᠦᠭᠡᠯ ᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠠᠲᠠᠷ ᠬᠠᠭᠠᠯᠪᠤᠷᠢᠯᠠᠯᠲᠠ ᠶᠢᠨ ᠣᠷᠣᠨ᠂ ᠪᠦᠯᠦᠭᠯᠡᠯ᠂ ᠲᠠᠷᠢᠶᠠᠯᠠᠩ ᠤᠨ ᠲᠠᠯᠠᠪᠠᠶ ᠵᠢᠴᠢ ᠥᠷᠭᠡᠨ ᠣᠯᠠᠨ ᠠᠵᠢᠯᠲᠠᠨ ᠠᠵᠢᠯᠴᠢᠨ ᠤ ᠮᠡᠷᠭᠡᠵᠢᠯ ᠬᠤᠷᠠᠮᠳᠤᠭᠤᠯᠭ᠎ᠠ ᠶᠢ ᠠᠳᠬᠤᠬᠤ᠂ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠬᠤ᠂ ᠭᠠᠷᠤᠯᠲᠠ ᠪᠠᠨ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠬᠤ ᠢᠳᠡᠪᠬᠢᠵᠢᠯ ᠢ ᠪᠦᠲᠦᠮᠵᠢᠲᠡᠶ ᠳᠠᠶᠢᠴᠢᠯᠠᠨ᠂ ᠡᠯ᠎ᠡ ᠠᠲᠠᠷ ᠬᠠᠭᠠᠯᠪᠤᠷᠢᠯᠠᠯᠲᠠ ᠶᠢᠨ ᠣᠷᠣᠨ ᠤ ︽ᠬᠤᠶᠠᠷ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠵᠢᠱᠢᠶ᠎ᠡ ᠦᠵᠡᠭᠦᠯᠬᠦ ᠪᠠ ᠯᠠᠪᠯᠠᠯᠲᠠ ᠬᠠᠩᠭᠠᠪᠠ᠃ ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠠᠭᠤᠯᠭ᠎ᠠ ᠪᠠᠷ ᠪᠠᠶᠠᠯᠢᠭ᠂ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠤᠨᠠᠯᠲᠠ ᠲᠠᠢ ᠡᠭᠦᠯᠳᠡᠷ ᠢ ᠳᠡᠯᠭᠡᠷᠡᠭᠦᠯᠬᠦ᠂ ᠥᠨᠳᠥᠷ ᠤᠨᠠᠯᠲᠠ ᠲᠠᠢ ᠮᠡᠷᠭᠡᠵᠢᠯ ᠤᠨ ᠵᠠᠭᠪᠤᠷ ᠢ ᠬᠡᠷᠡᠭᠯᠡᠬᠦ᠂ ᠦᠢᠯᠡᠳᠪᠦᠷᠢᠯᠡᠯ ᠤᠨ ᠡᠯᠧᠮᠧᠨ᠋ᠲ ᠢ ᠬᠤᠷᠠᠮᠳᠤᠭᠤᠯᠬᠤ᠂ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠬᠦ ᠵᠡᠷᠭᠡ ᠠᠵᠢᠯ ᠢ ᠬᠦᠴᠦᠯᠡᠨ ᠰᠠᠶᠢᠲᠤᠷ ᠠᠳᠬᠤᠵᠤ᠂ ︽ᠬᠤᠶᠠᠷ ᠠᠵᠢᠯᠯᠠᠭ᠎ᠠ︾ ᠶᠢ ᠡᠷᠲᠡ ᠦᠷ᠎ᠡ ᠪᠦᠲᠦᠮᠵᠢ ᠲᠠᠢ ᠪᠣᠯᠭᠠᠬᠤ ᠪᠠᠷ ᠴᠢᠷᠮᠠᠶᠢᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号