ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ ᠣᠷᠳᠣ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠲᠣᠪᠣᠶᠢᠮ᠎ᠠ ᠠᠰᠠᠭᠤᠳᠠᠯ ᠤᠨ ᠪᠣᠭᠤᠮᠲᠠ ᠰᠢᠪᠲᠤᠯᠠᠬᠤ ᠵᠠᠰᠠᠯᠲᠠ ᠶᠢᠨ ᠲᠤᠰᠬᠠᠢ ᠰᠡᠳᠦᠪᠲᠦ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/21
      7 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ ᠣᠷᠳᠣ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠲᠣᠪᠣᠶᠢᠮ᠎ᠠ ᠠᠰᠠᠭᠤᠳᠠᠯ ᠤᠨ ᠪᠣᠭᠤᠮᠲᠠ ᠰᠢᠪᠲᠤᠯᠠᠬᠤ ᠵᠠᠰᠠᠯᠲᠠ ᠶᠢᠨ ᠲᠤᠰᠬᠠᠢ ᠰᠡᠳᠦᠪᠲᠦ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠂ ᠬᠤᠷᠠᠯ ᠢ ᠭᠠᠵᠠᠷ ᠤᠨ ᠳᠠᠷᠤᠭ᠎ᠠ ᠪᠠᠶᠠᠨ ᠡᠷᠭᠢᠯᠡᠵᠦ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ ᠠᠵᠢᠯ ᠤᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠡ᠃
图片1.png
       ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ ᠴᠢᠬᠤᠯᠠᠴᠢᠯᠠᠬᠤ ᠬᠡᠮᠵᠢᠶ᠎ᠡ᠂ ᠤᠷᠲᠤ ᠪᠤᠷᠴᠠᠭ ᠤᠨ ᠦᠢᠯᠡᠳᠪᠦᠷᠢᠯᠡᠯ ᠪᠣᠯᠣᠨ ᠵᠠᠰᠠᠯᠲᠠ ᠶᠢᠨ ᠪᠣᠳᠠᠲᠤ ᠪᠠᠶᠢᠳᠠᠯ᠂ ᠬᠢᠨᠠᠨ ᠰᠢᠯᠭᠠᠬᠤ ᠱᠠᠭᠠᠷᠳᠠᠯᠭ᠎ᠠ ᠵᠡᠷᠭᠡ ᠲᠠᠯ᠎ᠠ ᠪᠠᠷ ᠤᠷᠲᠤ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠲᠣᠪᠣᠶᠢᠮ᠎ᠠ ᠠᠰᠠᠭᠤᠳᠠᠯ ᠤᠨ ᠪᠣᠭᠤᠮᠲᠠ ᠰᠢᠪᠲᠤᠯᠠᠬᠤ ᠵᠠᠰᠠᠯᠲᠠ ᠶᠢᠨ ᠴᠢᠬᠤᠯᠠ ᠴᠢᠨᠠᠷ ᠢ ᠴᠢᠬᠤᠯᠠᠴᠢᠯᠠᠪᠠ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠦᠢᠯᠡᠳᠪᠦᠷᠢᠯᠡᠭᠴᠢᠳ ᠤᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ᠂ ᠲᠠᠷᠢᠶᠠᠨ ᠡᠮ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ᠂ ᠤᠬᠠᠭᠤᠯᠭ᠎ᠠ ᠪᠣᠯᠪᠠᠰᠤᠷᠠᠯ ᠤᠨ ᠵᠢᠯᠣᠭᠤᠳᠤᠯᠭ᠎ᠠ᠂ ᠲᠣᠭᠤᠷᠢᠨ ᠪᠠᠶᠢᠴᠠᠭᠠᠯᠲᠠ᠂ ᠰᠢᠯᠭᠠᠨ ᠬᠡᠮᠵᠢᠨ ᠪᠠᠶᠢᠴᠠᠭᠠᠯᠲᠠ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠴᠦ ᠬᠢᠷᠢ ᠲᠡᠩᠴᠡᠬᠦ ᠪᠠ ᠬᠠᠤᠯᠢ ᠬᠡᠷᠡᠭᠵᠢᠭᠦᠯᠬᠦ ᠬᠡᠷᠡᠭ ᠢ ᠪᠠᠶᠢᠴᠠᠭᠠᠨ ᠰᠢᠢᠳᠪᠦᠷᠢᠯᠡᠬᠦ ᠵᠡᠷᠭᠡ ᠣᠷᠳᠣ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠪᠣᠭᠤᠮᠲᠠ ᠰᠢᠪᠲᠤᠯᠠᠬᠤ ᠵᠠᠰᠠᠯᠲᠠ ᠶᠢᠨ ︽ᠲᠤᠯᠤᠭᠠᠨ ᠵᠦᠢᠯ ᠤᠨ ᠠᠷᠭ᠎ᠠ ᠬᠡᠮᠵᠢᠶ᠎ᠡ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠮᠠᠨ ᠤ ᠣᠷᠣᠨ ᠤ ᠣᠷᠳᠣ ᠪᠤᠷᠴᠠᠭ ᠲᠤ ᠶᠠᠰᠤ ᠴᠢᠨᠠᠷ ᠤᠨ ᠠᠮᠤᠷ ᠲᠦᠪᠰᠢᠨ ᠤ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
图片2.png
       ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠢᠨᠠᠨ ᠬᠠᠮᠢᠶᠠᠷᠬᠤ ᠭᠠᠵᠠᠷ᠂ ᠲᠠᠷᠢᠮᠠᠯ ᠤᠨ ᠦᠢᠯᠡᠰ ᠤᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠲᠥᠪ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠵᠡᠷᠭᠡ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号