ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠦᠨᠡᠨᠬᠦ ᠪᠠᠲᠤᠯᠠᠵᠤ᠂ ᠮᠠᠨ ᠤ ᠣᠷᠣᠨ ᠤ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠶᠠᠰᠤ ᠴᠢᠨᠠᠷ ᠤᠨ ᠪᠣᠭᠤᠮᠲᠠ ᠶᠢ ᠡᠬᠢ ᠡᠭᠦᠰᠦᠯ ᠠᠴᠠ ᠨᠢ ᠨᠡᠩ ᠰᠠᠶᠢᠲᠤᠷ ᠴᠢᠩᠭ᠎ᠠ ᠠᠳᠬᠤᠵᠤ᠂ | ᠰᠢᠭᠤᠶᠢᠲᠦ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ︽ᠳᠠᠯᠳᠠ ᠠᠶᠤᠯ ᠲᠦᠭᠰᠢᠭᠦᠷᠢ︾ ᠶᠢ ᠴᠢᠩᠭ᠎ᠠ ᠰᠡᠷᠭᠡᠶᠢᠯᠡᠬᠦ ᠶᠢᠨ ᠲᠦᠯᠦᠭᠡ᠂ 7 ᠰᠠᠷ᠎ᠠ ᠶᠢᠨ | 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠳᠤ ᠵᠤᠷᠰᠢᠯᠲᠤ ᠬᠢᠨᠠᠨ | ᠬᠡᠮᠵᠢᠯᠲᠡ ᠶᠢᠨ ᠦᠯᠢᠭᠡᠷ ᠡᠳ᠋ ᠠᠪᠬᠤ ᠳᠤᠭᠤᠶᠢᠯᠠᠩ ᠨᠢ ᠪᠤᠭᠤᠲᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠶᠤᠯᠭᠦᠢ ᠶᠢᠨ ᠲᠥᠪ᠂ ᠰᠢᠭᠤᠶᠢᠲᠦ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ | ᠲᠥᠪ ᠤᠨ ᠬᠤᠯᠪᠣᠭᠳᠠᠯ ᠪᠦᠬᠦᠢ ᠬᠥᠮᠥᠰ ᠤᠨ ᠬᠠᠮᠵᠢᠯᠴᠠᠭ᠎ᠠ ᠳᠣᠣᠷ᠎ᠠ ᠤᠷᠢᠳ ᠬᠤᠵᠢᠳ ᠭᠠᠩ ᠹᠠᠩ ᠳ᠋ᠢ ᠠᠵᠤ | ᠠᠬᠤᠢ ᠶᠢᠨ ᠬᠤᠷᠰᠢᠶ᠎ᠠ᠂ ᠦ᠋ ᠳ᠋ᠠᠩ ᠥᠷᠲᠡᠭᠡ᠂ ᠬᠤᠸᠠ ᠰᠢ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠬᠦᠷᠴᠦ ᠥᠯᠢᠭᠡᠷ ᠡᠳ᠋ ᠢ ᠰᠤᠭᠤᠴᠢᠨ ᠠᠪᠴᠤ᠂ | ᠨᠡᠶᠢᠲᠡ 5 ᠢᠳᠡᠰᠢᠨ ᠨᠣᠭᠤᠭᠠᠨ ᠤ ᠥᠯᠢᠭᠡᠷ ᠡᠳ᠋ ᠢ ᠰᠤᠭᠤᠴᠢᠨ ᠠᠪᠴᠤ᠂ ᠰᠤᠭᠤᠴᠢᠨ ᠠᠪᠤᠭᠰᠠᠨ ᠥᠯᠢᠭᠡᠷ ᠡᠳ᠋ ᠢ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠤᠨ ᠶᠠᠰᠤ ᠴᠢᠨᠠᠷ ᠤᠨ ᠠᠶᠤᠯᠭᠦᠢ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠲᠥᠪ ︵ᠠᠯᠠᠱᠠ︶ ᠠᠴᠠ | ᠪᠠᠶᠢᠴᠠᠭᠠᠨ ᠰᠢᠯᠭᠠᠵᠤ ᠵᠠᠳᠠᠯᠤᠯᠲᠠ ᠬᠢᠪᠡ᠃ | ᠦᠯᠢᠭᠡᠷ ᠡᠳ᠋ ᠠᠪᠴᠤ ᠬᠢᠨᠠᠨ ᠬᠡᠮᠵᠢᠬᠦ ᠶᠢᠨ ᠬᠠᠮᠲᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠶᠤᠯᠭᠦᠢ ᠶᠢᠨ ᠤᠬᠠᠭᠤᠯᠭ᠎ᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠲᠠᠷᠢᠮᠠᠯ ᠤᠨ ᠡᠷᠦᠭᠡ ᠶᠢᠨ ᠥᠨᠳᠥᠷ | ᠪᠦᠲᠦᠮᠵᠢᠲᠡᠶ᠂ ᠬᠤᠣᠷ ᠪᠠᠭ᠎ᠠ᠂ ᠦᠯᠡᠳᠡᠭᠳᠡᠯ ᠪᠠᠭᠠᠲᠠᠢ ᠲᠠᠷᠢᠶᠠᠨ ᠡᠮ ᠬᠡᠷᠡᠭᠯᠡᠬᠦ ᠶᠢ ᠵᠢᠯᠤᠭᠤᠳᠴᠤ᠂ ᠲᠠᠷᠢᠶᠠᠨ ᠡᠮ ᠤᠨ | ᠦᠯᠡᠳᠡᠭᠳᠡᠯ ᠤᠨ ᠠᠯᠤᠰᠯᠠᠬᠤ ᠬᠤᠭᠤᠴᠠᠭᠠᠨ ᠤ ᠳᠦᠷᠢᠮ ᠢ ᠴᠢᠩᠭ᠎ᠠ ᠵᠢᠷᠤᠮᠯᠠᠵᠤ᠂ ᠦᠢᠯᠡᠳᠪᠦᠷᠢᠯᠡᠵᠦ ᠡᠵᠡᠩᠨᠡᠬᠦ | ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠱᠠᠭᠠᠷᠳᠠᠪᠠ᠃ |