ᠳᠡᠯᠡᠬᠡᠢ ᠶᠢᠨ ᠮᠣᠩᠭᠤᠯ ᠬᠤᠳᠠᠯᠳᠤᠭᠠᠴᠢᠳ ᠤᠨ ᠶᠡᠭᠡ ᠬᠤᠷᠠᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠤᠰᠬᠠᠢ ᠰᠡᠳᠦᠪᠲᠦ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/7/22
      7 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ︽︿ᠮᠣᠩᠭᠤᠯ﹀ ᠲᠠᠯ᠎ᠠ ᠨᠤᠲᠤᠭ ᠤᠨ ᠭᠦᠨ ᠵᠤᠵᠠᠭᠠᠨ ᠬᠠᠶᠢᠷ᠎ᠠ ᠶᠢᠨ ᠠᠴᠢ ᠪᠠᠷ ᠬᠠᠮᠲᠤ ᠪᠠᠷ ︿ᠬᠤᠳᠠᠯᠳᠤᠭ᠎ᠠ﹀ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠵᠦᠪᠳᠡᠯᠴᠡᠶ᠎ᠡ︾ ᠭᠡᠬᠦ ᠪᠠᠷ ᠭᠤᠣᠯ ᠰᠡᠳᠦᠪ ᠪᠣᠯᠭᠠᠭᠰᠠᠨ ᠳᠡᠯᠡᠬᠡᠢ ᠶᠢᠨ ᠮᠣᠩᠭᠤᠯ ᠬᠤᠳᠠᠯᠳᠤᠭᠠᠴᠢᠳ ᠤᠨ ᠶᠡᠭᠡ ᠬᠤᠷᠠᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠤᠰᠬᠠᠢ ᠰᠡᠳᠦᠪᠲᠦ ᠠᠵᠢᠯᠯᠠᠭ᠎ᠠ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃
图片1.png
       ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ 4 ᠵᠢᠯ ᠳᠠᠷᠠᠭᠠᠯᠠᠨ 700 ᠳ᠋ᠦᠩᠰᠢᠭᠤᠷ ᠵᠢᠩ ᠢ ᠳᠠᠪᠠᠵᠤ᠂ ᠵᠢᠯ ᠪᠦᠷᠢ ᠶᠢᠨ ᠬᠠᠭᠠᠰ ᠠᠴᠠ ᠳᠡᠭᠡᠭᠰᠢᠬᠢ ᠠᠮᠤ ᠪᠤᠳᠠᠭ᠎ᠠ ᠶᠢ ᠣᠷᠣᠨ ᠤ ᠭᠠᠳᠠᠨ᠎ᠠ ᠭᠠᠷᠭᠠᠨ᠂ ᠪᠦᠬᠦ ᠤᠯᠤᠰ ᠲᠤ ᠬᠠᠩᠭᠠᠵᠤ᠂ ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ ᠪᠣᠯᠣᠨ ᠢᠮᠠᠭᠠᠨ ᠨᠤᠤᠯᠤᠭᠤᠷ᠂ ᠲᠡᠵᠢᠭᠡᠯ ᠡᠪᠡᠰᠦᠨ ᠤ ᠤᠨᠠᠯᠲᠠ ᠪᠦᠬᠦ ᠤᠯᠤᠰ ᠤᠨ ᠲᠡᠷᠢᠭᠦᠨ ᠳᠤ ᠣᠷᠣᠪᠠ᠃ ᠠᠵᠢᠯᠯᠠᠭ᠎ᠠ ᠶᠢᠨ ᠳᠤᠮᠳᠠ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ︽ᠫᠷᠤᠹᠧᠰᠰᠤᠷ ᠤᠨ ᠠᠵᠢᠯ ᠤᠨ ᠥᠷᠲᠡᠭᠡ︾ ᠫᠠᠶᠢᠰᠠ ᠰᠡᠬᠦᠵᠦ᠂ ᠠᠵᠤ ᠠᠬᠤᠶᠢᠯᠠᠯᠲᠠᠨ ᠤ ᠲᠥᠯᠥᠭᠡᠯᠡᠭᠴᠢ ᠪᠡᠯᠡᠨ ᠵᠠᠭᠤᠰᠢ᠂ ᠢᠮᠠᠭᠠᠨ ᠨᠤᠤᠯᠤᠭᠤᠷ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠭᠤᠣᠯ ᠵᠣᠷᠢᠯᠲᠠ ᠶᠢᠨ ᠶᠠᠷᠢᠶ᠎ᠠ ᠲᠠᠯᠪᠢᠪᠠ᠂ ᠬᠤᠯᠪᠣᠭᠳᠠᠯ ᠪᠦᠬᠦᠢ ᠠᠶᠢᠮᠠᠭ ᠬᠤᠲᠠ ᠶᠢᠨ  ᠬᠢᠨ ᠲᠦᠭᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠦᠷᠦᠯ ᠲᠡᠮᠳᠡᠭᠲᠦ ᠵᠡᠷᠭᠡ ᠶᠢᠨ ᠲᠤᠬᠠᠢ ᠭᠤᠣᠯ ᠰᠡᠳᠦᠪᠲᠦ ᠲᠠᠨᠢᠯᠴᠠᠭᠤᠯᠭ᠎ᠠ ᠬᠢᠵᠡᠢ᠃
图片2.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠰᠢᠨ᠎ᠡ ᠵᠠᠮ ᠢᠶᠠᠷ ᠵᠠᠮᠨᠠᠬᠤ᠂ ᠳᠤᠮᠳᠠ ᠤᠷᠤᠰᠬᠠᠯ ᠳᠤ ᠣᠷᠣᠬᠤ ᠪᠠᠷ ᠬᠠᠷᠠᠯᠲᠠ ᠪᠤᠯᠭᠠᠵᠤ᠂ ᠪᠣᠯᠪᠠᠰᠤᠷᠠᠭᠤᠯᠬᠤ ᠪᠠ ᠪᠣᠷᠣᠯᠠᠭᠤᠯᠬᠤ ᠬᠤᠶᠠᠷ ᠲᠠᠯ᠎ᠠ ᠠᠴᠠ ᠬᠦᠴᠦᠯᠡᠬᠦ ᠪᠣᠯᠤᠨ᠎ᠠ᠃ ᠨᠢᠭᠡ ᠲᠠᠯ᠎ᠠ ᠪᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠶᠡᠬᠡᠪᠡᠷ ᠬᠥᠭᠵᠢᠭᠦᠯᠵᠦ᠂ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠭᠵᠢᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠬᠦᠴᠦᠯᠡᠨ ᠣᠷᠣᠭᠤᠯᠵᠤ ᠠᠪᠴᠢᠷᠠᠬᠤ ᠬᠡᠷᠡᠭᠲᠡᠢ᠃ ᠨᠥᠭᠦᠭᠡ ᠲᠠᠯ᠎ᠠ ᠪᠠᠷ᠂ ᠪᠥᠬᠦ ᠤᠯᠤᠰ ᠲᠤ ᠨᠠᠩ ᠣᠯᠠᠨ ᠪᠣᠳᠠᠲᠤ ᠴᠣᠭᠴᠠ ᠶᠢᠨ ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠶᠢ ᠪᠠᠶᠢᠷᠢᠯᠠᠭᠤᠯᠵᠤ᠂ ᠣᠨᠳᠣᠣ ᠭᠠᠵᠠᠷ ᠤᠨ ᠬᠥᠮᠥᠷᠭᠡ ᠵᠡᠷᠭᠡ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠰᠢᠰᠲ᠋ᠧᠮᠵᠢ ᠶᠢ ᠪᠠᠶᠢᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠡᠯᠧᠺᠲᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠪᠣᠬᠢᠷᠲᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠪᠣᠷᠤᠯᠠᠭᠤᠯᠭ᠎ᠠ ᠰᠠᠶᠢᠲᠠᠢ ᠪᠠᠶᠢᠬᠤ ᠶᠢ ᠠᠬᠢᠭᠤᠯᠬᠤ ᠬᠡᠷᠡᠭᠲᠡᠢ ᠭᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠣᠬᠢᠷᠲᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠲᠢᠩᠬᠢᠮ ᠲᠣᠬᠢᠷᠠᠭᠤᠯᠪᠠ᠂ ᠠᠩᠬᠢᠯᠤᠮ᠎ᠠ ᠰᠠᠶᠢᠬᠠᠨ ᠦᠨᠦᠷ ᠲᠠᠢ ᠴᠠᠭᠠᠨ ᠢᠳᠡᠭᠡᠨ᠂ ᠵᠠᠵᠢᠯᠠᠭᠤᠰᠢᠲᠠᠢ ᠬᠠᠳᠠᠭᠠᠭᠰᠠᠨ ᠦᠬᠡᠷ ᠤᠨ ᠮᠢᠬ᠎ᠠ᠂ ᠬᠡᠦᠷᠡᠭ ᠠᠮᠲᠠᠲᠠᠢ ᠠᠮᠲᠠᠲᠤ ᠬᠡᠮᠬᠡ ᠁ᠳᠡᠯᠭᠡᠨ ᠦᠵᠡᠭᠦᠯᠬᠦ᠂ ᠰᠢᠯᠭᠠᠨ ᠦᠵᠡᠬᠦ ᠲᠣᠭᠤᠷᠢᠭ ᠲᠤ ᠲᠡᠯᠭᠡᠭᠳᠡᠵᠦ᠂ ᠰᠦ ᠶᠢᠨ ᠦᠨᠦᠷ᠂ ᠵᠢᠮᠢᠰ ᠤᠨ ᠦᠨᠦᠷ᠂ ᠠᠷᠢᠬᠢᠨ ᠤ ᠦᠨᠦᠷ᠂ ᠮᠢᠬᠠᠨ ᠤ ᠦᠨᠦᠷ᠂ ᠪᠤᠳᠠᠭᠠᠨ ᠤ ᠦᠨᠦᠷ ᠬᠠᠩᠬᠤᠯᠵᠤ᠂ ᠨᠢᠳᠦ ᠳᠦᠭᠦᠷᠡᠩ ᠬᠠᠷᠠᠭᠳᠠᠮ᠎ᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ︽ᠥᠪᠥᠷ ᠮᠣᠩᠭᠤᠯ ᠤᠨ ᠦᠨᠦᠷ ᠠᠮᠲᠠ︾  ᠨᠢ ᠬᠤᠷᠠᠯ ᠳᠤ ᠣᠷᠣᠯᠴᠠᠭᠰᠠᠳ ᠤᠨ ᠠᠩᠬᠠᠷᠤᠯ ᠢ ᠲᠠᠲᠠᠨ ᠪᠠᠶᠠᠷ ᠪᠠᠶᠠᠰᠤᠯᠳᠠᠢ ᠪᠠᠷ ᠠᠮᠳᠠᠯᠠᠵᠠᠭᠠᠵᠤ ᠪᠠᠶᠢᠪᠠ᠃
图片3.png
       ︽ᠡᠨᠡ ᠤᠳᠠᠭ᠎ᠠ ᠪᠢᠳᠡ ᠬᠤᠨᠢᠨ ᠮᠢᠬᠠᠨ ᠤ ᠱᠥᠯᠥ᠂ ᠬᠤᠨᠢᠨ ᠤ ᠲᠠᠪᠤᠨ ᠴᠤᠯᠤ᠂ ᠬᠤᠨᠢᠨ ᠤ ᠨᠢᠷᠤᠭᠤᠨ ᠶᠠᠰᠤ ᠵᠡᠷᠭᠡ ᠣᠯᠠᠨ ᠵᠦᠢᠯ ᠤᠨ ᠪᠡᠯᠡᠨ ᠵᠠᠭᠤᠰᠢ ᠶᠢ ᠠᠪᠴᠢᠷᠠᠯ᠎ᠠ᠂ ᠪᠡᠯᠡᠨ ᠬᠠᠯᠠᠭᠤᠯᠤᠨ ᠪᠡᠯᠡᠨ ᠵᠤᠭᠤᠭᠯᠠᠵᠤ᠂ ᠢᠯᠡ ᠭᠠᠯ᠂ ᠴᠠᠬᠢᠯᠭᠠᠨ ᠰᠣᠷᠢᠨᠵᠢᠨ ᠵᠤᠤᠬ᠎ᠠ ᠪᠠᠷ ᠪᠦᠷ ᠬᠠᠯᠠᠭᠤᠯᠵᠤ ᠪᠣᠯᠬᠤ ᠲᠤᠯᠠ ᠮᠠᠰᠢ ᠳᠥᠭᠦᠮ ᠶᠤᠮ︾ ᠭᠡᠵᠦ ᠥᠪᠥᠷ ᠮᠣᠩᠭᠤᠯ ᠤᠨ ᠶᠠᠨ ᠯᠢᠦ ᠰᠢᠶᠠᠩ ᠢᠳᠡᠭᠡᠨ ᠤ ᠬᠢᠵᠠᠭᠠᠷᠲᠤ ᠺᠣᠮᠫᠠᠨᠢ ᠶᠢᠨ ᠠᠵᠢᠯᠲᠠᠨ ᠰᠢᠤᠸᠠᠢ ᠭᠤᠸᠠᠩ ᠶᠠᠨᠬᠡᠯᠡᠪᠡ᠃      ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠬᠦ᠂ ᠰᠢᠯᠭᠠᠨ ᠦᠵᠡᠬᠦ ᠲᠣᠭᠤᠷᠢᠭ ᠲᠤ᠂ 60 ᠠᠵᠤ ᠠᠬᠤᠶᠢᠯᠠᠯ ︽ᠠᠮᠤ ᠪᠤᠳᠠᠭᠠᠨ ᠤ ᠬᠥᠮᠥᠷᠭᠡ︾ ︽ᠮᠢᠬᠠᠨ ᠤ ᠬᠥᠮᠥᠷᠭᠡ︾ ︽ᠰᠦ ᠶᠢᠨ ᠰᠠᠪᠠ︾ ︽ᠨᠤᠤᠯᠤᠭᠤᠷ ᠤᠨ ᠬᠤᠲᠠ︾ ᠶᠢᠨ ᠲᠣᠭᠤᠷᠢᠨ ᠳᠤ 300 ᠭᠠᠷᠤᠢ ᠵᠦᠢᠯ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠰᠦ᠂ ᠮᠢᠬ᠎ᠠ᠂ ᠠᠮᠤ ᠪᠤᠳᠠᠭ᠎ᠠ᠂ ᠵᠢᠮᠢᠰ ᠨᠣᠭᠤᠭ᠎ᠠ᠂ ᠪᠡᠯᠡᠨ ᠵᠠᠭᠤᠰᠢ᠂ ᠣᠨᠴᠠᠯᠢᠭᠲᠤ ᠪᠦᠲᠦᠭᠡᠭᠳᠡᠬᠦᠨ ᠵᠡᠷᠭᠡ ᠵᠢᠷᠭᠤᠭᠠᠨ ᠶᠡᠭᠡ ᠲᠥᠷᠥᠯ ᠤᠨ ᠬᠦᠷᠢᠶ᠎ᠡ ᠴᠠᠷᠠᠭᠠᠨ ᠢ ᠬᠠᠮᠤᠷᠴᠤ᠂ ᠦᠵᠡᠭᠦᠯᠭᠡ ᠶᠢᠨ ᠲᠣᠭᠤᠷᠢᠭ ᠤᠨ ᠳᠠᠪᠠᠭᠤᠯᠢᠭ ᠭᠠᠷᠤᠯᠲᠠ ᠶᠢᠨ ᠣᠷᠣᠨ ᠤ ᠴᠢᠨᠠᠷ ᠰᠠᠶᠢᠲᠠᠢ ᠪᠦᠲᠦᠭᠡᠭᠳᠡᠬᠦᠨ ᠤ ᠲᠥᠷᠥᠯ ᠵᠦᠢᠯ ᠨᠢ ᠨᠠᠩ ᠲᠥᠪᠯᠡᠷᠡᠩᠭᠦᠢ᠂ ᠶᠠᠰᠤ ᠴᠢᠨᠠᠷ ᠨᠢ ᠨᠠᠩ ᠰᠢᠯᠢᠳᠡᠭ᠂ ᠪᠦᠲᠦᠭᠡᠭᠳᠡᠬᠦᠨ ᠨᠢ ᠨᠠᠩ ᠥᠪᠡᠷᠮᠢᠴᠡ ᠣᠨᠴᠠᠯᠢᠭ ᠢᠶᠠᠷ ᠢᠶᠠᠨ ᠳᠤᠭᠤᠷᠢᠨ ᠦᠵᠡᠭᠴᠢᠳ ᠤᠨ ᠬᠠᠷᠠᠭ᠎ᠠ ᠶᠢ ᠪᠤᠯᠢᠶᠠᠵᠤ ᠪᠠᠶᠢᠯ᠎ᠠ᠃
图片4.png
       ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠠᠷᠢᠶᠠᠯᠠᠩ ᠤᠨ ᠠᠵᠤ ᠦᠢᠯᠡᠰ ᠤᠨ ᠬᠤᠳᠠᠯᠳᠤᠭᠠᠴᠢᠳ ᠤᠨ ᠡᠪᠯᠡᠯ ᠤᠨ ᠳᠡᠳ᠋ ᠳᠠᠷᠤᠭ᠎ᠠ᠂ ᠶᠠᠨ ᠬᠦ᠋ ᠹᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠾᠧ ᠵᠢᠶᠦ᠋ᠨ ᠭᠦᠸᠧ᠄ ︽ᠬᠤᠳᠠᠯᠳᠤᠭᠠᠴᠢᠳ ᠤᠨ ᠡᠪᠯᠡᠯ ᠬᠠᠨᠳᠤᠯᠭᠠᠲᠤ ᠴᠢᠨᠠᠷᠲᠠᠢ ᠪᠠᠷ ᠭᠡᠰᠢᠭᠦᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠭᠤᠯᠵᠤ᠂ ᠤᠷᠢᠳᠠᠪᠠᠷ ᠰᠢᠨᠵᠢᠯᠡᠨ ᠪᠠᠶᠢᠴᠠᠭᠠᠵᠤ ᠵᠣᠯᠭᠠᠭᠤᠯᠬᠤ ᠠᠵᠢᠯ ᠢ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠡᠯ᠎ᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠲᠦᠷᠦᠯ ᠵᠦᠢᠯ ᠤᠨ ᠮᠡᠳᠡᠭᠡ ᠵᠠᠩᠭᠢ ᠶᠢ ᠴᠤᠭᠯᠠᠭᠤᠯᠪᠠ᠃ ᠣᠳᠣᠬᠠᠨ ᠳᠤ᠂ ᠳᠠᠭᠠᠵᠤ ᠶᠠᠪᠤᠭ᠎ᠠ ᠭᠡᠰᠢᠭᠦᠨ ᠠᠵᠤ ᠠᠬᠤᠶᠢᠯᠠᠯ ᠨᠢ ᠥᠪᠥᠷ ᠮᠣᠩᠭᠤᠯ ᠤᠨ ᠰᠦ ᠶᠢᠨ ᠦᠢᠯᠡᠰ᠂ ᠪᠡᠯᠡᠨ ᠵᠠᠭᠤᠰᠢ᠂ ᠮᠠᠯ ᠠᠵᠤ ᠠᠬᠤᠢ᠂ ᠢᠳᠡᠭᠡᠨ ᠤᠮᠳᠠᠭᠠᠨ ᠤ ᠬᠠᠩᠭᠠᠯᠭ᠎ᠠ ᠶᠢᠨ ᠬᠡᠯᠬᠢᠶ᠎ᠡ᠂ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠲᠠᠪᠴᠠᠩ᠂ ᠲᠥᠬᠦᠭᠡᠷᠦᠮᠵᠢᠲᠦ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭ᠎ᠠ ᠵᠢᠴᠢ ᠨᠣᠬᠠᠢ ᠶᠢᠨ ᠬᠤᠰᠢᠭᠤ ᠶᠢᠨ ᠡᠯᠳᠡᠪ ᠠᠮᠤ ᠡᠯᠳᠡᠪ ᠪᠤᠷᠴᠠᠭ᠂ ᠵᠢᠮᠢᠰ ᠨᠣᠭᠤᠭ᠎ᠠ ᠵᠡᠷᠭᠡ ᠲᠠᠷᠢᠶᠠᠯᠠᠩ ᠤᠨ ᠣᠨᠴᠠ ᠭᠠᠷᠤᠯᠲᠠ ᠶᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠳᠤ ᠴᠥᠮ ᠪᠡᠯᠡ ᠣᠷᠣᠭᠤᠯᠤᠨ ᠬᠠᠮᠲᠤᠷᠠᠯᠴᠠᠬᠤ ᠰᠠᠨᠠᠮᠵᠢ ᠲᠠᠢ ᠪᠠᠶᠢᠨ᠎ᠠ᠃ ᠬᠤᠳᠠᠯᠳᠤᠭᠠᠴᠢᠳ ᠤᠨ ᠡᠪᠯᠡᠯ ᠠᠴᠠ ᠠᠵᠤ ᠠᠬᠤᠶᠢᠯᠠᠯ ᠢ ᠥᠪᠥᠷ ᠮᠣᠩᠭᠤᠯ ᠤᠨ ᠬᠤᠯᠪᠣᠭᠳᠠᠯ ᠪᠦᠬᠦᠢ ᠲᠠᠯ᠎ᠠ ᠶᠢᠨ  ᠬᠢᠨ ᠲᠠᠢ ᠵᠣᠯᠭᠠᠭᠤᠯᠬᠤ ᠶᠢ ᠢᠳᠡᠪᠬᠢᠲᠡᠢ ᠠᠬᠢᠭᠤᠯᠵᠤ᠂ ᠬᠠᠮᠲᠤᠷᠠᠯᠴᠠᠭ᠎ᠠ ᠶᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ︾ ᠭᠡᠵᠦ ᠬᠡᠯᠡᠪᠡ᠃
图片5.png
       ᠡᠯᠳᠡᠪ ᠠᠮᠤ ᠶᠢᠨ ᠳᠡᠯᠭᠡᠨ ᠦᠵᠡᠭᠦᠯᠬᠦ ᠯᠠᠩᠭᠦᠢ ᠶᠢᠨ ᠡᠮᠦᠨ᠎ᠡ᠂ ᠠᠦ᠋ᠰᠲᠷᠠᠯᠢᠶ᠎ᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠷᠦᠩᠬᠡᠢ ᠡᠪᠯᠡᠯ ᠤᠨ ᠳᠡᠳ᠋ ᠳᠠᠷᠤᠭ᠎ᠠ ᠵᠢᠴᠢ ᠨᠠᠷᠢᠨ ᠪᠢᠴᠢᠭ ᠤᠨ ᠳᠠᠷᠤᠭ᠎ᠠ ᠰᠦᠨ ᠬᠤᠤ ᠹᠧᠩ ᠬᠠᠮᠢᠶ᠎ᠠ ᠪᠦᠬᠦᠢ ᠪᠦᠲᠦᠭᠡᠭᠳᠡᠬᠦᠨ ᠢ ᠰᠣᠨᠢᠷᠬᠠᠯᠲᠠᠢ ᠪᠠᠷ ᠠᠵᠢᠭᠯᠠᠵᠤ ᠪᠠᠶᠢᠯ᠎ᠠ᠃ ︽ᠥᠪᠥᠷ ᠮᠣᠩᠭᠤᠯ ᠳᠤ ᠮᠠᠰᠢ ᠣᠯᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠪᠡᠷᠮᠢᠴᠡ ᠳᠠᠪᠠᠭᠤᠯᠢᠭ ᠲᠠᠯ᠎ᠠ ᠪᠣᠶ᠂ ᠨᠤᠲᠤᠭ ᠤᠨ ᠢᠶᠠᠨ ᠨᠠᠩ ᠣᠯᠠᠨ ᠪᠣᠬᠢᠷᠲᠤᠯ ᠦᠭᠡᠢ ᠴᠢᠨᠠᠷ ᠰᠠᠶᠢᠲᠠᠢ ᠪᠦᠲᠦᠭᠡᠭᠳᠡᠬᠦᠨ ᠢ ᠭᠠᠳᠠᠭᠰᠢ ᠭᠠᠷᠭᠠᠵᠤ᠂ ᠪᠢᠳᠡᠨ ᠤ ᠴᠢᠷᠮᠠᠶᠢᠯᠭ᠎ᠠ ᠪᠠᠷ ᠳᠠᠮᠵᠢᠭᠤᠯᠤᠨ ︿ᠥᠪᠥᠷ ᠮᠣᠩᠭᠤᠯ ᠤᠨ ᠦᠨᠦᠷ ᠠᠮᠲᠠ﹀ ᠶᠢ ᠨᠠᠩ ᠬᠤᠯᠠ ᠭᠠᠵᠠᠷ ᠲᠤ ᠠᠪᠠᠴᠢᠬᠤ ᠶᠢ ᠬᠦᠰᠡᠵᠦ ᠪᠠᠶᠢᠨ᠎ᠠ︾ ᠭᠡᠵᠦ ᠰᠦᠨ ᠬᠤᠤ ᠹᠧᠩ ᠬᠡᠯᠡᠪᠡ᠃
图片6.png 
      ᠬᠤᠳᠠᠯᠳᠤᠭ᠎ᠠ ᠪᠠᠷ ᠬᠤᠯᠪᠣᠯᠳᠤᠭᠤᠯᠵᠤ᠂ ᠠᠵᠠ ᠲᠣᠬᠢᠶᠠᠯ ᠢ ᠬᠠᠮᠲᠤ ᠪᠠᠷ ᠡᠳ᠋ᠯᠡᠮᠦᠢ᠃ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠤᠰᠬᠠᠢ ᠰᠡᠳᠦᠪᠲᠦ ᠠᠵᠢᠯᠯᠠᠭ᠎ᠠ ᠪᠣᠯ ᠳᠡᠯᠡᠬᠡᠢ ᠶᠢᠨ ᠮᠣᠩᠭᠤᠯ ᠬᠤᠳᠠᠯᠳᠤᠭᠠᠴᠢᠳ ᠤᠨ ᠶᠡᠭᠡ ᠬᠤᠷᠠᠯ ᠤᠨ 3 ᠲᠠᠯᠠᠪᠤᠷ ᠵᠡᠷᠭᠡᠴᠡᠭᠡ ᠲᠤᠰᠬᠠᠢ ᠰᠡᠳᠦᠪᠲᠦ ᠠᠵᠢᠯᠯᠠᠭ᠎ᠠ ᠶᠢᠨ ᠨᠢᠭᠡ ᠪᠣᠯᠣᠨ᠎ᠠ᠃ ᠲᠣᠰ ᠤᠳᠠᠭᠠᠨ ᠤ ᠠᠵᠢᠯᠯᠠᠭ᠎ᠠ ᠳᠤ ᠵᠠᠰᠠᠭ ᠤᠨ ᠣᠷᠳᠣᠨ᠂ ᠠᠵᠤ ᠠᠬᠤᠶᠢᠯᠠᠯ᠂ ᠬᠤᠳᠠᠯᠳᠤᠭᠠᠨ ᠤ ᠨᠡᠶᠢᠭᠡᠮᠯᠢᠭ ᠤᠨ ᠣᠶᠢᠷ᠎ᠠ ᠵᠠᠢ ᠳᠤ ᠨᠡᠪᠲᠡᠷᠡᠯᠴᠡᠬᠦ᠂ ᠪᠥᠬᠦ ᠲᠠᠯ᠎ᠠ ᠪᠠᠷ ᠰᠣᠯᠢᠯᠴᠠᠬᠤ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠨᠠᠩ ᠣᠯᠠᠨ ᠰᠢᠯᠢᠳᠡᠭ ᠠᠵᠤ ᠠᠬᠤᠶᠢᠯᠠᠯᠲᠠᠨ ᠢ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠲᠠᠯ᠎ᠠ ᠪᠠᠷ᠂ ᠭᠦᠨ ᠲᠠᠰ ᠳᠠᠪᠬᠤᠷᠭ᠎ᠠ ᠪᠠᠷ ᠠᠩᠬᠠᠷᠴᠤ᠂ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠤᠯᠤᠰ᠂ ᠳᠡᠯᠡᠬᠡᠢ ᠳ᠋ᠠᠬᠢᠨ ᠳᠤ ᠬᠠᠨᠳᠤᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号