| | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠳᠤᠮᠳᠠ ᠠᠴᠠ ᠨᠢ ᠵᠢᠮ᠎ᠡ ᠶᠣᠰᠣ ᠶᠢ ᠣᠶᠢᠯᠠᠭᠠᠵᠤ᠂ ᠴᠢᠭᠯᠡᠯ ᠢ ᠣᠶᠢᠯᠠᠭᠠᠵᠤ᠂ | ᠠᠷᠭ᠎ᠠ ᠶᠢ ᠰᠤᠷᠤᠯᠴᠠᠵᠤ᠂ ᠤᠶᠤᠨ ᠤᠬᠠᠭᠠᠨ ᠢ ᠨᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠡᠷᠳᠡᠮ ᠴᠢᠳᠠᠪᠤᠷᠢ ᠪᠣᠯᠭᠠᠨ ᠬᠤᠪᠢᠷᠠᠭᠤᠯᠵᠤ᠂ ︽ᠬᠤᠶᠠᠷ | ᠶᠡᠭᠡ ᠶᠠᠪᠤᠳᠠᠯ︾ ᠢ ᠬᠦᠴᠦᠯᠡᠨ ᠰᠠᠶᠢᠲᠤᠷ ᠪᠡᠶᠡᠯᠡᠭᠦᠯᠬᠦ ᠶᠢᠨ ᠲᠦᠯᠦᠭᠡ᠂ 7 ᠰᠠᠷ᠎ᠠ ᠶᠢᠨ 23 ᠤ ᠡᠳᠦᠷ ᠤᠨ | ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ | ᠭᠦᠸᠧ ᠵᠠᠨ ᠵᠢᠶᠠᠩ 2023 ᠣᠨ ᠤ ᠲᠢᠩᠬᠢᠮ ᠤᠨ ᠰᠢᠰᠲ᠋ᠧᠮ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ | ᠡᠷᠭᠢᠯᠡᠨ ᠬᠤᠷᠠᠯᠳᠤᠭᠤᠯᠤᠭᠰᠠᠨ ᠪᠥᠭᠡᠳ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠬᠠᠷᠢᠭᠤᠯᠠᠨ | ᠡᠷᠡᠯᠬᠡᠭᠯᠡᠨ ᠤᠷᠤᠭᠰᠢᠯᠠᠵᠤ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠶ᠎ᠠ︾ ᠭᠡᠬᠦ | ᠰᠡᠳᠦᠪ ᠢᠶᠠᠷ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ ᠰᠡᠳᠦᠪᠲᠦ ᠨᠠᠮ ᠤᠨ | ᠬᠢᠴᠢᠶᠡᠯ ᠣᠷᠣᠪᠠ᠃ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠠᠯᠠᠭᠤ ᠬᠤᠰᠢᠭᠤᠴᠢ︾᠂ ︽ᠡᠮᠡᠭᠲᠡᠢ ᠪᠠᠭᠠᠲᠤᠷ︾᠂ | ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯ ᠤᠨ ᠠᠵᠢᠯᠲᠠᠨ ᠪᠣᠯᠣᠨ ᠲᠡᠷᠢᠭᠦᠨ ᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ | ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ | ᠳᠣᠯᠣᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠵᠠᠩ ᠴᠦᠨ ᠫᠢᠩ ᠨᠥᠬᠦᠷ ᠬᠤᠷᠠᠯ ᠳᠤ ᠣᠷᠣᠯᠴᠠᠪᠠ᠃ | | | | | | | | | | | | | | | | | ᠲᠤᠰᠬᠠᠢ ᠰᠡᠳᠦᠪᠲᠦ ᠨᠠᠮ ᠤᠨ ᠬᠢᠴᠢᠶᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠶᠠᠪᠤᠭᠳᠠᠪᠠ᠃ ᠭᠦᠸᠧ ᠵᠠᠨ ᠵᠢᠶᠠᠩ ᠭᠦᠨ | ᠣᠶᠢᠯᠠᠭᠠᠯᠲᠠ ᠲᠠᠢ ᠪᠠᠷ ᠂ ᠨᠠᠮ ᠤᠨ ᠲᠥᠪ ᠬᠤᠷᠢᠶ᠎ᠠ ᠢᠮᠠᠭᠲᠠ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠳᠣᠲᠣᠨᠣ ᠪᠠᠷ ᠬᠠᠯᠠᠮᠵᠢᠯᠠᠵᠤ ᠂ ᠥᠪᠥᠷ ᠮᠣᠩᠭᠤᠯ ᠤᠨ ᠬᠥᠭᠵᠢᠯᠲᠡ ᠳᠤ ᠴᠢᠩ ᠰᠡᠳᠬᠢᠯ ᠤᠨ | ᠬᠦᠰᠡᠯ ᠨᠠᠶᠢᠳᠠᠯᠭ᠎ᠠ ᠲᠠᠯᠪᠢᠭᠰᠠᠭᠠᠷ ᠢᠷᠡᠪᠡ ᠃ ᠶᠡᠷᠦᠩᠬᠡᠢ ᠱᠦᠵᠢ ᠲᠥᠪ ᠬᠤᠷᠢᠶᠠᠨ ᠳᠤ ᠢᠷᠡᠵᠦ ᠠᠵᠢᠯᠯᠠᠭᠰᠠᠨ | ᠠᠴᠠ ᠨᠠᠭᠠᠰᠢ ᠂ ᠤᠷᠢᠳ ᠬᠤᠵᠢᠳ ᠮᠠᠨ ᠤ ᠣᠷᠣᠨ ᠤ ᠠᠵᠢᠯ ᠤᠨ ᠲᠤᠬᠠᠢ ᠠᠯᠢ ᠤᠯᠠᠨ ᠴᠢᠬᠤᠯᠠ ᠵᠢᠭᠠᠪᠤᠷᠢ | ᠴᠣᠬᠤᠯᠠᠪᠤᠷᠢ ᠥᠭᠴᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ︽ ᠥᠪᠥᠷ ᠮᠣᠩᠭᠤᠯ ᠤᠨ ᠬᠠᠭᠤᠳᠠᠰᠤ︾ ᠶᠢ ᠪᠦᠷᠢᠯᠳᠦᠭᠦᠯᠵᠦ ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠥᠪᠥᠷ ᠮᠣᠩᠭᠤᠯ ᠤᠨ ᠬᠥᠭᠵᠢᠯᠲᠡ ᠳᠤ | ᠶᠡᠭᠡ ᠬᠡᠮᠵᠢᠶᠡᠨ ᠤ ᠬᠦᠴᠦ ᠬᠥᠳᠡᠯᠮᠦᠷᠢ ᠵᠠᠷᠤᠴᠠᠭᠤᠯᠵᠤ ᠂ ᠪᠢᠳᠡᠨ ᠳᠤ ︽ ᠲᠠᠪᠤᠨ ᠶᠡᠭᠡ ᠡᠭᠦᠷᠭᠡ ︾ ᠶᠢ ᠰᠠᠶᠢᠲᠤᠷ | ᠪᠡᠶᠡᠯᠡᠭᠦᠯᠬᠦ ᠪᠠ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠵᠠᠯᠭᠠᠭ᠎ᠠ ᠪᠠᠷ ᠳᠤᠷᠠᠳᠤᠭᠰᠠᠨ ᠪᠠᠶᠢᠨ᠎ᠠ ᠃ ᠢᠯᠠᠩᠭᠤᠶ᠎ᠠ᠂ | ᠶᠡᠷᠦᠩᠬᠡᠢ ᠱᠦᠵᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠢ ᠢᠮᠠᠭᠲᠠ | ᠳᠡᠭᠡᠳᠦ ᠬᠡᠮᠵᠢᠶ᠎ᠡ ᠪᠠᠷ ᠠᠩᠬᠠᠷᠴᠤ᠂ ᠳᠣᠲᠣᠨᠣ ᠪᠠᠷ ᠬᠠᠯᠠᠮᠵᠢᠯᠠᠭᠰᠠᠭᠠᠷ ᠢᠷᠡᠵᠡᠶ᠃ ᠡᠳᠡᠭᠡᠷ ᠰᠢᠷᠢᠰ ᠰᠣᠩᠭᠤᠳᠠᠭ | ᠵᠣᠬᠢᠶᠠᠯ ᠤᠳ ᠲᠤ ᠂ ᠥᠪᠥᠷ ᠮᠣᠩᠭᠤᠯ ᠤᠨ ᠠᠯᠢᠪᠠ ᠠᠵᠢᠯ ᠢ ᠰᠠᠶᠢᠲᠤᠷ ᠬᠢᠬᠦ ᠡᠷᠳᠡᠮ ᠴᠢᠳᠠᠪᠤᠷᠢ ᠠᠭᠤᠯᠤᠭᠳᠠᠵᠤ ᠂ | ᠰᠤᠷᠬᠤ ᠲᠤᠰᠤᠮ ᠦᠢᠯᠡᠳᠦᠯᠭᠡᠵᠢᠭᠦᠯᠵᠦ ᠂ ᠬᠡᠷᠡᠭᠯᠡᠬᠦ ᠲᠤᠰᠤᠮ ᠠᠪᠢᠶᠠᠰ ᠲᠠᠢ ᠪᠣᠯᠵᠠᠢ ᠭᠡᠵᠦ ᠬᠡᠯᠡᠪᠡ᠃ | ᠭᠦᠸᠧ ᠵᠠᠨ ᠵᠢᠶᠠᠩ ᠂ ᠮᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠶᠡᠷᠦᠩᠬᠡᠢ ᠱᠦᠵᠢ ᠶᠢ | ᠳᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠵᠤ ᠂ ︽ ᠭᠤᠷᠪᠠᠨ ᠭᠤᠣᠯᠳᠠᠯᠭ᠎ᠠ ᠲᠠᠢ ︾ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠠᠳᠬᠤᠬᠤ ᠳᠤ ᠂ ᠪᠣᠳᠠᠲᠤ ᠪᠠᠶᠢᠳᠠᠯ ᠢ ᠲᠤᠭᠤᠷᠠᠲᠠᠯ᠎ᠠ ᠣᠶᠢᠯᠠᠭᠠᠵᠤ ᠂ ᠲᠥᠷᠥᠯ ᠵᠦᠢᠯ ᠤᠨ ᠨᠦᠭᠡᠴᠡᠯᠡᠵᠦ ᠂ | ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ ᠂ ᠳᠤᠮᠳᠠ ᠪᠠ ᠤᠷᠳᠤ ᠬᠤᠭᠤᠴᠠᠭᠠᠨ ᠤ ᠲᠥᠯᠦᠪᠵᠢᠭᠦᠯᠭᠡ ᠶᠢ | ᠰᠠᠶᠢᠲᠤᠷ ᠬᠢᠵᠦ ᠂ ᠤᠯᠤᠰ ᠤᠨ ᠳᠡᠮᠵᠢᠯᠭᠡ ᠶᠢ ᠣᠯᠬᠤ ᠪᠠᠷ ᠢᠳᠡᠪᠬᠢᠯᠡᠨ ᠴᠢᠷᠮᠠᠶᠢᠬᠤ ᠬᠡᠷᠡᠭᠲᠡᠢ ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ ᠂ ᠡᠯ᠎ᠡ ᠵᠦᠢᠯ ᠤᠨ ᠡᠭᠦᠷᠭᠡ ᠶᠢ ᠵᠢᠯ ᠤᠨ ᠡᠴᠦᠰ ᠲᠤ | ᠤᠷᠤᠭᠰᠢᠲᠠᠢ ᠪᠠᠷ ᠳᠠᠩᠰᠠ ᠲᠤᠰᠢᠶᠠᠬᠤ ᠶᠢ ᠪᠠᠲᠤᠯᠠᠬᠤ ᠪᠠᠷ ᠪᠠᠷᠠᠬᠤ ᠦᠭᠡᠢ ᠪᠠᠰᠠ ᠲᠣᠭᠲᠠᠮᠠᠯ ᠪᠡᠯᠡ | ᠣᠷᠣᠭᠤᠯᠤᠯᠲᠠ ᠶᠢ ᠠᠳᠬᠤᠵᠤ ᠂ ᠨᠡᠩ ᠴᠤ ᠮᠠᠯᠴᠢᠨ ᠲᠠᠷᠢᠶᠠᠴᠢᠨ ᠤ ᠣᠷᠣᠯᠭ᠎ᠠ ᠶᠢ ᠠᠳᠬᠤᠬᠤ ᠬᠡᠷᠡᠭᠲᠡᠢ ᠃ | ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠣᠳᠣᠯᠬᠢᠯᠠᠨ ᠭᠤᠣᠯᠳᠠᠯᠭ᠎ᠠ ᠶᠢ ᠠᠳᠬᠤᠨ ᠦᠷ᠎ᠡ ᠪᠦᠲᠦᠮᠵᠢ ᠣᠯᠵᠤ ᠂ | ᠰᠠᠶᠢᠨ ᠲᠤᠷᠰᠢᠯᠭ᠎ᠠ ᠠᠷᠭ᠎ᠠ ᠬᠢᠳᠡᠯ ᠤᠨ ᠨᠡᠶᠢᠲᠡᠯᠢᠭ ᠵᠢᠱᠢᠶ᠎ᠡ ᠶᠢ ᠦᠷᠭᠦᠯᠵᠢᠯᠡᠨ ᠠᠭᠤᠳᠠᠯᠵᠤ ᠂ ︽ ᠫᠧᠩᠰᠡᠲᠦ | ᠦᠵᠡᠮᠵᠢ ︾ ᠶᠢ ︽ ᠤᠢ ᠰᠢᠭᠤᠢ ︾ ᠪᠣᠯᠭᠠᠵᠤ ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠲᠣᠮᠣ ᠠᠵᠤ ᠦᠢᠯᠡᠰ ᠂ ᠣᠷᠣᠨ ᠢᠶᠠᠨ ᠬᠦᠴᠦᠷᠬᠡᠭᠵᠢᠭᠦᠯᠬᠦ ᠠᠵᠤ ᠦᠢᠯᠡᠰ ᠂ ᠠᠷᠠᠳ ᠢ | ᠪᠠᠶᠠᠵᠢᠭᠤᠯᠬᠤ ᠠᠵᠤ ᠦᠢᠯᠡᠰ ᠪᠣᠯᠭᠠᠬᠤ ᠬᠡᠷᠡᠭᠲᠡᠢ ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ | ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠳᠬᠤᠬᠤ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ | ᠲᠠᠢ ᠬᠠᠷᠢᠴᠠᠭᠤᠯᠤᠨ᠂ ᠲᠥᠰᠥᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ | ︽ᠲᠤᠯᠤᠭᠠᠨ ᠵᠢᠱᠢᠶᠡᠴᠢ︾ ᠪᠣᠯᠬᠤ ᠪᠠᠷ ᠴᠢᠷᠮᠠᠶᠢᠵᠤ᠂ ᠵᠢᠱᠢᠶᠡᠴᠢ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ︽ ᠶᠡᠭᠡ ᠨᠠᠮ ᠤᠨ | ᠪᠠᠶᠢᠭᠤᠯᠤᠯᠲᠠ ᠪᠠᠷ ᠶᠡᠭᠡ ᠬᠥᠭᠵᠢᠯᠲᠡ ᠶᠢ ᠬᠥᠲᠥᠯᠥᠨ ᠳᠠᠭᠠᠭᠤᠯᠵᠤ ᠂ ᠶᠡᠭᠡ ᠳᠡᠭᠡᠭᠰᠢᠯᠡᠯᠲᠡ ᠶᠢ ᠪᠡᠶᠡᠯᠡᠭᠦᠯᠬᠦ ︾ ᠶᠢ | ᠠᠳᠬᠤᠬᠤ ᠳᠤ ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ ᠂ | ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ | ᠪᠠᠳᠠᠷᠠᠭᠤᠯᠵᠤ ᠂ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠂ ᠲᠤᠬᠠᠶᠢᠯᠠᠭᠰᠠᠨ ᠠᠵᠢᠯ ᠤᠨ ᠴᠢᠳᠠᠪᠤᠷᠢ ᠂ ᠠᠵᠢᠯ ᠤᠨ | ᠰᠤᠷᠲᠠᠯ ᠤᠨ ᠪᠠᠶᠢᠭᠤᠯᠤᠯᠲᠠ ᠶᠢ ᠲᠤᠪᠤᠶᠢᠯᠭᠠᠵᠦ ᠂ ᠴᠢᠳᠠᠪᠤᠷᠢ ᠂ ᠴᠢᠳᠠᠪᠤᠷᠢᠲᠠᠨ ᠂ ᠠᠷᠢᠭᠤᠨ ᠴᠢᠬᠡᠴᠢ ᠂ ᠤᠯᠠᠨ | ᠲᠦᠮᠡᠨ ᠢᠶᠠᠷ ᠲᠤᠯᠭᠠᠭᠤᠷᠢᠯᠠᠭᠤᠯᠬᠤ ᠶᠢ ᠴᠢᠩᠭᠠᠳᠬᠠᠵᠤ ᠂ ︽ ᠶᠡᠭᠡ ᠨᠠᠮ ᠤᠨ ᠪᠠᠶᠢᠭᠤᠯᠤᠯᠲᠠ ︾ ᠶᠢᠨ ᠪᠠᠶᠢᠷᠢᠰᠢᠯ ᠢ | ᠪᠦᠷᠢᠯᠳᠦᠭᠦᠯᠬᠦ ᠬᠡᠷᠡᠭᠲᠡᠢ ᠃ ︽ᠠᠮᠤ ᠪᠤᠳᠠᠭ᠎ᠠ ᠮᠢᠬ᠎ᠠ ᠰᠦ ᠡᠪᠡᠰᠦ᠂ ᠭᠠᠵᠠᠷ ᠰᠢᠷᠣᠢ ᠤᠰᠤ ᠲᠠᠷᠢᠮᠠᠯ ᠮᠡᠷᠭᠡᠵᠢᠯ᠂ | ᠬᠡᠯᠬᠢᠶ᠎ᠡ ᠦᠢᠯᠡᠴᠢᠯᠡᠭᠡ ᠠᠭᠤᠰᠤᠯᠴᠠᠨ ᠥᠭᠡᠷᠡᠴᠢᠯᠡᠬᠦ︾ ᠵᠡᠷᠭᠡ 12 ᠵᠦᠢᠯ ᠤᠨ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠵᠤ ᠂ ︽ᠶᠡᠭᠡ ᠬᠥᠭᠵᠢᠯᠲᠡ︾ ᠶᠢ | ᠠᠬᠢᠭᠤᠯᠬᠤ ᠬᠡᠷᠡᠭᠲᠡᠢ ᠃ ᠣᠶᠢᠯᠠᠭᠠᠭᠳᠠᠬᠤᠨ ᠂ ᠰᠤᠷᠲᠠᠯ ᠂ ᠴᠢᠳᠠᠪᠤᠷᠢ ᠪᠣᠯᠣᠨ ᠠᠵᠢᠯ ᠤᠨ ᠠᠮᠵᠢᠯᠲᠠ ᠶᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃ | | | | | ᠲᠢᠩᠬᠢᠮ ᠤᠨ ᠤᠳᠤᠷᠢᠳᠤᠯᠭ᠎ᠠ᠂ ᠶᠡᠷᠦᠩᠬᠡᠢ ᠢᠨᠵᠧᠨᠧᠷ᠂ ᠲᠢᠩᠬᠢᠮ ᠤᠨ ᠪᠠᠶᠢᠭᠤᠯᠤᠯᠭ᠎ᠠ ᠶᠢᠨ ᠪᠦᠬᠦ ᠠᠯᠪᠠᠳᠠᠨ᠂ | ᠲᠢᠩᠬᠢᠮ ᠤᠨ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠬᠥᠬᠢᠭᠦᠯᠦᠯ ᠬᠦᠷᠲᠡᠭᠰᠡᠳ ᠬᠤᠷᠠᠯ ᠳᠤ | ᠣᠷᠣᠯᠴᠠᠵᠠᠢ᠃ | |