7 ᠰᠠᠷ᠎ᠠ ᠶᠢᠨ 16 ᠤ ᠡᠳᠦᠷ ᠠᠴᠠ 7 ᠰᠠᠷ᠎ᠠ ᠶᠢᠨ 17 ᠤ ᠡᠳᠦᠷ ᠪᠣᠯᠲᠠᠯ᠎ᠠ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠤᠷᠭᠠᠨ ᠤ ᠳᠡᠳ᠋ | ᠳᠠᠷᠤᠭ᠎ᠠ ᠳ᠋ᠦ᠋ ᠰᠢᠶᠣᠣ ᠸᠧᠢ ᠨᠠᠷ 3 ᠬᠥᠮᠥᠨ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ | ᠶᠦᠩ ᠮᠢᠩ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠪᠠ ᠪᠠᠶᠠᠨᠨᠠᠭᠤᠷ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠶᠢᠨ ᠪᠠᠷ᠎ᠠ | ᠪᠤᠯᠤᠯᠭ᠎ᠠ ᠲᠠᠢ ᠪᠠᠷ ᠪᠠᠶᠠᠨᠨᠠᠭᠤᠷ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ᠂ ᠳᠦᠷᠢᠮ ᠤᠨ ᠬᠠᠤᠯᠢ | ᠲᠣᠭᠲᠠᠭᠠᠯᠲᠠ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠯᠢᠨ ᠾᠧ ᠲᠣᠭᠤᠷᠢᠭ ᠤᠨ ᠯᠠᠩ ᠱᠠᠨ ᠲᠠᠷᠢᠶᠠᠯᠠᠩ ᠤᠨ | ᠲᠠᠯᠠᠪᠠᠶ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠲᠣᠭᠤᠷᠢᠭ᠂ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ | ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ᠂ ᠱᠤᠸᠠᠩ ᠾᠧ ᠪᠠᠯᠭᠠᠰᠤ ᠶᠢᠨ 2023 ᠣᠨ ᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ᠂ ᠶᠡᠷᠦᠩᠬᠡᠢ ᠭᠤᠣᠯ ᠰᠤᠪᠠᠭ ᠤᠨ ᠬᠤᠶᠠᠳᠤᠭᠠᠷ | ᠬᠤᠪᠢᠶᠠᠷᠢ ᠤᠰᠤᠨ ᠤ ᠬᠦᠢᠰᠦ ᠳᠤ ᠭᠦᠨᠵᠡᠭᠡᠶᠢᠷᠡᠵᠦ᠂ ᠳ᠋ᠧᠩᠺᠸᠦ ᠰᠢᠶᠠᠨ ᠤ ᠬᠠᠳᠤᠨ ᠭᠤᠣᠯ ᠤᠨ ᠰᠠᠨ ᠱᠧᠩ | ᠬᠦᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠢᠨᠵᠧᠨᠧᠷᠢᠩ ᠪᠣᠯᠣᠨ ᠤᠷᠠᠳ ᠤᠨ ᠡᠮᠦᠨᠡᠲᠦ ᠬᠤᠰᠢᠭᠤᠨ ᠤ | ᠰᠢᠨ ᠠᠨ ᠪᠠᠯᠭᠠᠰᠤᠨ ᠤ ᠱᠦ ᠯᠢᠨ ᠽᠢ ᠲᠣᠰᠬᠤᠨ ᠪᠣᠯᠣᠨ ᠳ᠋ᠦᠩ ᠹᠠᠩ ᠬᠤᠩ ᠲᠣᠰᠬᠤᠨ ᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠲᠣᠭᠤᠷᠢᠭ ᠂ ᠤᠯᠠᠭᠠᠨᠰᠤᠬᠠᠢ ᠰᠢᠨᠵᠢᠯᠡᠬᠦ ᠤᠬᠠᠭᠠᠨ | ᠲᠧᠩᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠥᠷᠨᠢᠭᠦᠯᠵᠡᠢ ᠃ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠪᠠᠶᠠᠨᠨᠠᠭᠤᠷ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠪᠦᠲᠦᠭᠡᠨ | ᠪᠠᠶᠢᠭᠤᠯᠤᠯᠲᠠ ᠶᠢᠨ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠢᠴᠢ | ᠲᠠᠷᠢᠶᠠᠨ ᠭᠠᠵᠠᠷ ᠢ ᠬᠠᠮᠠᠭᠠᠯᠠᠬᠤ ᠬᠠᠤᠯᠢ ᠶᠢᠨ ᠬᠠᠤᠯᠢ ᠲᠣᠭᠲᠠᠭᠠᠯᠲᠠ ᠶᠢᠨ ᠪᠠᠶᠢᠳᠠᠯ ᠢ ᠨᠠᠷᠢᠨ ᠣᠶᠢᠯᠠᠭᠠᠭᠰᠠᠨ | ᠪᠥᠭᠡᠳ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶᠠᠷᠤᠯᠲᠠ ᠶᠢᠨ | ᠠᠵᠢᠯᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠵᠢᠯ ᠢ | ᠤᠯᠠᠮ ᠨᠢᠭᠡ ᠠᠯᠬᠤᠮ ᠲᠡᠭᠦᠯᠳᠡᠷᠵᠢᠭᠦᠯᠬᠦ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠥᠭᠪᠡ᠃ | ᠳᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠨ ᠭᠠᠵᠠᠷ ᠢ ᠬᠠᠮᠠᠭᠠᠯᠠᠬᠤ ᠲᠤᠬᠠᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ︽ᠠᠷᠭ᠎ᠠ ᠪᠦᠬᠦᠨ ᠢ ᠰᠦᠪᠡᠭᠴᠢᠯᠡᠨ ᠫᠧᠩᠰᠡᠲᠦ ᠦᠵᠡᠮᠵᠢ ᠶᠢ ᠣᠶ ᠰᠢᠭᠤᠢ ᠪᠣᠯᠭᠠᠬᠤ︾ | ᠴᠣᠬᠤᠯᠠᠪᠤᠷᠢ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠳ᠋ ᠵᠤᠷᠭᠠᠨ ᠤ ᠳᠠᠷᠤᠭ᠎ᠠ ᠳ᠋ᠦ᠋ ᠰᠢᠶᠣᠣ | ᠸᠧᠢ ᠶᠢᠨ ᠵᠢᠯᠣᠭᠤᠳᠤᠯᠭ᠎ᠠ ᠶᠣᠰᠣᠭᠠᠷ᠂ 2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠪᠠᠶᠠᠨᠨᠠᠭᠤᠷ ᠬᠤᠲᠠ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ | ᠬᠢᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠬᠤ ᠪᠣᠯᠤᠨ᠎ᠠ ᠃ |