【ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ】ᠤᠳᠤᠭ ᠤᠨ ᠠᠷᠪᠠᠰ ᠨᠣᠣᠯᠤᠭᠤᠷ ᠤᠨ ᠢᠮᠠᠭ᠎ᠠ
ᠨᠡᠶᠢᠲᠡᠯᠡᠭᠰᠡᠨ ᠴᠠᠭ᠄
2023/7/24
      ᠣᠲᠤᠭ ᠬᠤᠰᠢᠭᠤ 1961 ᠣᠨ ᠠᠴᠠ ᠡᠬᠢᠯᠡᠨ ᠠᠷᠪᠠᠰ ᠴᠠᠭᠠᠨ ᠨᠣᠣᠯᠤᠭᠤᠷ ᠤᠨ ᠢᠮᠠᠭᠠᠨ ᠤ ᠡᠭᠦᠯᠳᠡᠷ ᠰᠣᠩᠭᠤᠨ ᠪᠣᠶᠢᠵᠢᠭᠤᠯᠬᠤ ᠠᠵᠢᠯ ᠢ ᠬᠢᠵᠦ᠂ ᠬᠡᠳᠦᠨ ᠦᠶ᠎ᠡ ᠶᠢᠨ ᠤᠳᠤᠷᠢᠳᠤᠯᠭ᠎ᠠ ᠪᠠᠷ ᠳᠡᠮᠵᠢᠨ᠂ ᠨᠢᠭᠡ ᠨᠠᠰᠤ ᠪᠠᠷ ᠢᠶᠠᠨ ᠨᠣᠣᠯᠤᠭᠤᠷ ᠤᠨ ᠢᠮᠠᠭᠠᠨ ᠤ ᠦᠢᠯᠡᠰ ᠢ ᠡᠷᠭᠢᠯᠡᠵᠦ ᠨᠣᠣᠯᠤᠭᠤᠷ ᠤᠨ ᠢᠮᠠᠭ᠎ᠠ ᠲᠠᠢ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠣᠯᠵᠠᠢ᠃ ᠣᠲᠣ ᠨᠢᠭᠡᠨᠲᠡ ︽ᠢ ᠸᠧᠢ ᠨᠠᠷᠠᠲᠤ ᠲᠡᠮᠳᠡᠭ︾ ᠢ ᠪᠠᠶᠢᠭᠤᠯᠵᠤ᠂ 2011 ᠣᠨ ᠳᠤ ᠲᠠᠸᠠᠷ ᠤᠨ ᠲᠡᠮᠳᠡᠭ ᠳᠠᠩᠰᠠᠯᠠᠭᠤᠯᠵᠤ᠂ 2015 ᠣᠨ ᠳᠤ ᠣᠷᠳᠣᠰ ᠬᠤᠲᠠ ᠶᠢᠨ ᠨᠠᠷᠠᠲᠤ ᠲᠠᠸᠠᠷ ᠤᠨ ᠲᠡᠮᠳᠡᠭ ᠢᠶᠠᠷ ᠦᠨᠡᠯᠡᠭᠳᠡᠵᠡᠢ᠃      ᠮᠠᠲ᠋ᠧᠷᠢᠶᠠᠯ ᠳᠤ ᠢᠯᠡᠷᠡᠭᠦᠯᠦᠭᠰᠡᠨ ᠢᠶᠠᠷ᠂ ᠳᠡᠯᠡᠬᠡᠢ ᠳᠡᠭᠡᠷᠡᠬᠢ ᠢᠮᠠᠭ᠎ᠠ ᠦᠨᠳᠦᠰᠦᠨ ᠳᠡᠭᠡᠨ ᠤᠮᠠᠷᠠᠲᠤ ᠥᠷᠭᠡᠷᠢᠭ ᠤᠨ 35° — 55° ᠤᠨ ᠬᠡᠪᠴᠢᠶᠡᠨ ᠳᠤ ᠠᠮᠢᠳᠤᠷᠠᠵᠤ᠂ ᠣᠲᠤᠭ ᠬᠤᠰᠢᠭᠤ ᠶᠠᠭ ᠡᠨᠡ ᠬᠦ ᠥᠷᠭᠡᠷᠢᠭ ᠲᠤ ᠣᠷᠣᠰᠢᠵᠤ᠂ ᠠᠷᠪᠠᠰ ᠢᠮᠠᠭᠠᠨ ᠤ ᠦᠷᠡᠵᠢᠨ ᠪᠣᠶᠢᠵᠢᠬᠤ ᠳᠤ ᠮᠠᠰᠢ ᠲᠣᠬᠢᠷᠠᠨ᠎ᠠ᠃ ᠣᠲᠤᠭ ᠬᠤᠰᠢᠭᠤᠨ ᠤ ᠭᠠᠵᠠᠷ ᠤᠨ ᠪᠠᠶᠢᠴᠠ ᠨᠢ ᠵᠡᠭᠦᠨ ᠨᠢ ᠥᠨᠳᠥᠷ ᠪᠠᠷᠠᠭᠤᠨ ᠨᠢ ᠳᠣᠣᠷ᠎ᠠ᠂ ᠡᠯᠡᠰᠦᠨ ᠴᠥᠯ ᠬᠠᠭᠠᠰ ᠡᠯᠡᠰᠦᠨ ᠴᠥᠯ ᠤᠨ ᠭᠠᠵᠠᠷ ᠣᠷᠣᠨ ᠳᠤ ᠬᠠᠷᠢᠶᠠᠯᠠᠭᠳᠠᠵᠤ᠂ ᠳᠤᠮᠳᠠᠴᠢ ᠪᠠᠷ ᠲᠡᠯᠡᠶ ᠶᠢᠨ ᠲᠦᠪᠰᠢᠨ ᠠᠴᠠ 1300 ᠮᠧᠲᠷ ᠡᠷᠭᠦᠭᠳᠡᠵᠦ᠂ ᠬᠥᠷᠥᠰᠥᠨ ᠤ ᠴᠢᠨᠠᠷ ᠨᠢ ᠨᠡᠯᠢᠶᠡᠳ ᠰᠠᠶᠢᠨ ᠪᠠᠶᠢᠵᠤ᠂ ᠭᠤᠣᠯᠳᠠᠭᠤ ᠲᠦᠰᠲ᠋ᠦ᠋ ᠭᠤᠣᠯ ᠪᠠ ᠬᠠᠲᠤᠨ ᠭᠤᠣᠯ ᠵᠡᠷᠭᠡ ᠬᠢᠯᠢ ᠰᠤᠨᠳᠠᠯᠠᠭᠰᠠᠨ ᠬᠤᠶᠠᠷ ᠶᠡᠭᠡ ᠤᠰᠤᠨ ᠰᠢᠰᠲ᠋ᠧᠮ ᠪᠠᠶᠢᠵᠤ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠡᠯᠪᠡᠭ᠂ ᠣᠯᠠᠩᠬᠢ ᠨᠢ ᠾᠯᠣᠷᠲᠤ ᠨᠠᠲᠷᠢ ᠶᠢᠨ ᠲᠥᠷᠥᠯ ᠵᠦᠢᠯ ᠪᠤᠶᠤ ᠬᠦᠬᠦᠷ ᠬᠦᠴᠢᠯ ᠤᠨ ᠳᠠᠪᠤᠰᠤᠨ ᠤ ᠲᠥᠷᠥᠯ ᠵᠦᠢᠯ ᠪᠣᠯᠣᠨ᠎ᠠ᠃ ᠨᠡᠶᠢᠲᠡᠯᠢᠭ ᠡᠬᠡ ᠭᠠᠵᠠᠷ ᠤᠨ ᠴᠢᠨᠠᠷᠲᠠᠢ ᠠᠭᠤᠷ ᠠᠮᠢᠰᠬᠤᠯ ᠳᠤ ᠬᠠᠷᠢᠶᠠᠯᠠᠭᠳᠠᠵᠤ᠂ ᠭᠠᠩ ᠬᠠᠭᠤᠷᠠᠢ ᠪᠣᠷᠣᠭᠠᠨ ᠪᠠᠭ᠎ᠠ᠂ ᠭᠡᠷᠡᠯ ᠢᠯᠴᠢ ᠶᠢᠨ ᠡᠬᠢ ᠪᠠᠶᠠᠯᠢᠭ ᠰᠠᠶᠢᠨ ᠪᠠᠶᠢᠳᠠᠭ᠃ ᠥᠪᠡᠷᠮᠢᠴᠡ ᠭᠠᠵᠠᠷ ᠵᠦᠢ ᠶᠢᠨ ᠣᠷᠴᠢᠨ ᠲᠣᠭᠤᠷᠢᠨ ᠪᠠ ᠪᠠᠶᠢᠭᠠᠯᠢ ᠶᠢᠨ ᠨᠥᠬᠦᠴᠡᠯ ᠠᠴᠠ ᠪᠣᠯᠵᠤ ᠣᠲᠤᠭ ᠤᠨ ᠠᠷᠪᠠᠰ ᠢᠮᠠᠭᠠᠨ ᠤ ᠮᠢᠬᠠᠨ ᠤ ᠥᠪᠡᠷᠮᠢᠴᠡ ᠴᠢᠨᠠᠷ ᠴᠢᠨᠰᠠᠭ᠎ᠠ ᠶᠢ ᠪᠣᠶ ᠪᠣᠯᠭᠠᠪᠠ᠄ ᠮᠢᠬᠠᠨ ᠤ ᠴᠢᠨᠠᠷ ᠨᠢ ᠨᠠᠷᠢᠨ ᠵᠥᠭᠡᠯᠡᠨ᠂ ᠤᠭᠤᠷᠠᠭ ᠶᠡᠬᠡᠲᠡᠢ᠂ ᠥᠭᠡᠬᠦ ᠪᠠᠭᠠᠲᠠᠢ᠂ ᠰᠢᠪᠲᠦᠷᠲᠦ ᠬᠦᠴᠢᠯ ᠤᠨ ᠠᠭᠤᠯᠤᠭᠳᠠᠴᠠ ᠨᠢ ᠡᠯᠪᠡᠭ᠂ ᠲᠡᠮᠦᠷ ᠡᠯᠪᠡᠭ᠂ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠨᠢ ᠳᠣᠣᠷ᠎ᠠ᠂ ᠰᠢᠩᠬᠡᠭ ᠦᠨᠦᠷ ᠦᠭᠡᠢ᠂ ᠠᠮᠲᠠ ᠨᠢ ᠰᠠᠶᠢᠬᠠᠨ ᠪᠥᠭᠡᠳ ᠰᠢᠭᠦᠰᠦᠯᠢᠭ᠂ ᠠᠩᠬᠢᠯᠤᠮ᠎ᠠ ᠦᠨᠦᠷ ᠬᠠᠩᠬᠤᠯᠵᠤ ᠪᠠᠶᠢᠳᠠᠭ ᠪᠣᠯᠬᠤᠷ ᠮᠠᠯᠴᠢᠳ ᠡᠭᠦᠨ ᠢ ︽ᠪᠡᠶ᠎ᠡ ᠳᠡᠭᠡᠨ ᠠᠮᠲᠠ ᠤᠷᠤᠭᠤᠯᠬᠤ ᠡᠳ᠋ ᠲᠠᠢ ︾ ᠭᠡᠳᠡᠭ᠃ ᠵᠢᠯ ᠤᠨ ᠮᠢᠬᠠᠨ ᠤ ᠭᠠᠷᠤᠯᠲᠠ ᠨᠢ 12500 ᠲᠣᠨ ᠪᠣᠯᠣᠨ᠎ᠠ᠃      ᠣᠲᠤᠭ ᠤᠨ ᠠᠷᠪᠠᠰ ᠢᠮᠠᠭᠠᠨ ᠤ ᠡᠭᠦᠯᠳᠡᠷ ᠥᠨᠢ ᠤᠳᠠᠭᠠᠨ᠂ ᠤᠤᠯ ᠨᠢ ᠬᠢᠯᠢ ᠶᠢᠨ ᠳᠣᠲᠣᠷᠠᠬᠢ ᠴᠢᠶᠠᠨ ᠯᠢ ᠱᠠᠨ ᠠᠭᠤᠯᠠ ᠪᠠ ᠵᠦᠸᠧ ᠽᠢ ᠱᠠᠨ ᠠᠭᠤᠯᠠ ᠶᠢᠨ ᠣᠷᠴᠢᠮ ᠠᠴᠠ ᠭᠠᠷᠤᠯᠲᠠ ᠲᠠᠢ᠂ ᠡᠷᠲᠡᠨ ᠤ ᠠᠽᠢᠶ᠎ᠠ ᠲᠢᠪ ᠤᠨ ᠢᠮᠠᠭᠠᠨ ᠤ ᠨᠢᠭᠡ ᠲᠦᠷᠦᠯ ᠪᠠᠶᠢᠵᠤ᠂ ᠰᠢᠨ᠎ᠡ ᠴᠢᠯᠠᠭᠤᠨ ᠵᠡᠪᠰᠡᠭ ᠤᠨ ᠦᠶ᠎ᠡ ᠠᠴᠠ ᠨᠠᠭᠠᠰᠢ ᠂ ᠣᠲᠤᠭ ᠤᠨ ᠲᠠᠯ᠎ᠠ ᠨᠤᠲᠤᠭ ᠤᠨ ᠨᠡᠭᠦᠳᠡᠯᠴᠢᠨ ᠦᠨᠳᠦᠰᠦᠲᠡᠨ ᠳᠠᠷᠤᠢ ᠠᠷᠪᠠᠰ ᠢᠮᠠᠭ᠎ᠠ ᠶᠢ ᠲᠡᠵᠢᠭᠡᠵᠦ ᠡᠬᠢᠯᠡᠵᠡᠢ᠂ ᠲᠡᠷᠡ ᠪᠣᠯ ᠲᠤᠬᠠᠢ ᠶᠢᠨ ᠭᠠᠵᠠᠷ ᠤᠨ ᠥᠷᠭᠡᠨ ᠣᠯᠠᠨ ᠮᠠᠯᠴᠢᠨ ᠲᠠᠷᠢᠶᠠᠴᠢᠨ ᠤ ᠣᠷᠳᠣ ᠬᠤᠭᠤᠴᠠᠭᠠᠨ ᠤ ᠠᠷᠠᠴᠢᠯᠠᠵᠤ ᠪᠣᠶᠢᠵᠢᠭᠤᠯᠬᠤ ᠪᠠ ᠪᠠᠶᠢᠭᠠᠯᠢ ᠶᠢᠨ ᠬᠤᠪᠢᠰᠤᠯ ᠢᠶᠠᠷ ᠳᠡᠮᠵᠢᠨ ᠪᠣᠶ ᠪᠣᠯᠤᠭᠰᠠᠨ ᠬᠤᠪᠣᠷ ᠴᠤᠬᠠᠭ ᠣᠷᠣᠨ ᠨᠤᠲᠤᠭ ᠤᠨ ᠰᠢᠯᠢᠳᠡᠭ ᠮᠠᠯ ᠤᠨ ᠡᠭᠦᠯᠳᠡᠷ ᠪᠣᠯᠣᠨ᠎ᠠ᠃ ᠣᠲᠤᠭ ᠤᠨ ᠠᠷᠪᠠᠰ ᠢᠮᠠᠭ᠎ᠠ ᠶᠢ ᠲᠡᠭᠦᠨ ᠤ ᠭᠤᠣᠯ ᠭᠠᠷᠤᠯᠲᠠ ᠶᠢᠨ ᠣᠷᠣᠨ ᠢᠶᠠᠷ ᠨᠢ ᠨᠡᠷᠡᠶᠢᠳᠴᠡᠢ᠃ ᠲᠡᠷᠡ ᠨᠢ ᠬᠠᠮᠤᠭ ᠡᠷᠲᠡ ᠳᠡᠭᠡᠨ ᠣᠲᠤᠭ ᠬᠤᠰᠢᠭᠤᠨ ᠤ ᠠᠷᠪᠠᠰ ᠰᠤᠮᠤ ᠠᠴᠠ ᠡᠬᠢ ᠠᠪᠤᠭᠰᠠᠨ ᠪᠣᠯᠬᠤᠷ ᠠᠷᠪᠠᠰ ᠢᠮᠠᠭ᠎ᠠ ᠭᠡᠵᠦ ᠨᠡᠷᠡᠶᠢᠳᠴᠡᠢ᠃ ᠨᠡᠶᠢᠲᠡ ᠶᠢᠨ ᠣᠨ ᠲᠣᠭᠠᠯᠠᠯ ᠤᠨ 1226 ᠣᠨ ᠳᠤ ᠴᠢᠩᠭᠢᠰ ᠬᠠᠭᠠᠨ ᠴᠡᠷᠢᠭ ᠢᠶᠠᠨ ᠳᠠᠭᠠᠭᠤᠯᠤᠨ ᠪᠠᠷᠠᠭᠤᠨ ᠰᠢᠶᠠ ᠤᠯᠤᠰ ᠢ ᠪᠡᠶ᠎ᠡ ᠪᠠᠷ ᠢᠶᠠᠨ ᠳᠠᠶᠢᠯᠠᠵᠤ᠂ ᠣᠲᠤᠭ ᠬᠤᠰᠢᠭᠤᠨ ᠳᠤ ᠴᠡᠷᠢᠭ ᠮᠣᠷᠢ ᠪᠠᠨ ᠠᠮᠠᠷᠠᠭᠤᠯᠤᠨ ᠴᠡᠭᠴᠡᠯᠡᠭᠰᠡᠨ ᠳᠤ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠠᠴᠠ ᠠᠷᠪᠠᠰ ᠤᠨ ︽ᠰᠢᠷᠠᠭᠰᠠᠨ ᠪᠦᠬᠦᠯᠢ ᠬᠤᠨᠢ︾ ᠡᠷᠭᠦᠭᠰᠡᠨ ᠳᠤ ᠴᠢᠩᠭᠢᠰ ᠬᠠᠭᠠᠨ ᠪᠣᠯᠣᠨ ᠰᠠᠶᠢᠳ ᠨᠠᠷ ᠨᠢ ᠠᠮᠠ ᠬᠠᠮᠬᠢᠯ ᠦᠭᠡᠢ ᠮᠠᠭᠲᠠᠵᠤ᠂ ᠳᠣᠣᠷᠠᠬᠢ ᠬᠥᠮᠥᠰ ᠲᠡᠭᠡᠨ ᠵᠠᠷᠯᠢᠭ ᠪᠠᠭᠤᠯᠭᠠᠨ ᠠᠷᠪᠠᠰ ᠤᠨ ᠮᠢᠬ᠎ᠠ ᠶᠢ ᠴᠢᠨᠠᠵᠤ ᠪᠤᠯᠭᠤᠭᠠᠳ᠂ ᠰᠠᠯᠬᠢᠨ ᠳᠤ ᠬᠠᠳᠠᠭᠠᠵᠤ᠂ ᠨᠤᠨᠳᠠᠭᠯᠠᠵᠤ᠂ ᠳᠠᠷᠤᠭ᠎ᠠ ᠪᠠᠶᠢᠯᠳᠤᠭᠴᠢᠳ ᠲᠤ ᠲᠦᠭᠡᠭᠡᠨ ᠥᠭᠴᠦ᠂ ︽ᠶᠡᠭᠡ ᠬᠠᠭᠠᠨ ᠤ ᠴᠡᠷᠢᠭ ᠤᠨ ᠬᠦᠨᠡᠰᠦ︾ ᠪᠣᠯᠭᠠᠪᠠ᠃ ᠣᠷᠳᠣ ᠬᠤᠭᠤᠴᠠᠭᠠᠨ ᠤ ᠲᠤᠷᠰᠢ᠂ ᠣᠲᠤᠭ ᠬᠤᠰᠢᠭᠤ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ ᠤ ᠰᠣᠶᠣᠯ ᠢ ᠪᠣᠶ ᠪᠣᠯᠭᠠᠵᠤ᠂ ᠢᠯᠠᠩᠭᠤᠶ᠎ᠠ ︽ᠴᠢᠨᠠᠭᠰᠠᠨ ᠮᠢᠬ᠎ᠠ︾᠂ ︽ᠰᠢᠷᠠᠭᠰᠠᠨ ᠪᠦᠬᠦᠯᠢ ᠬᠤᠨᠢ︾᠂ ︽ᠬᠠᠳᠠᠭᠠᠭᠰᠠᠨ ᠢᠮᠠᠭᠠᠨ ᠮᠢᠬ᠎ᠠ︾ ᠨᠢ ᠬᠠᠮᠤᠭ ᠤᠨ ᠠᠯᠳᠠᠷᠲᠠᠢ ᠪᠠᠶᠢᠵᠤ᠂ ᠢᠳᠡᠵᠦ ᠦᠩᠭᠡᠷᠡᠭᠰᠡᠳ ᠴᠥᠮ ᠠᠮᠠ ᠬᠠᠮᠬᠢᠯ ᠦᠭᠡᠢ ᠮᠠᠭᠲᠠᠵᠤ ᠪᠠᠶᠢᠳᠠᠭ᠃ ᠤᠳᠤᠭ ᠤᠨ ᠠᠷᠪᠠᠰ ᠢᠮᠠᠭᠠᠨ ᠤ ᠮᠢᠬᠠᠨ ᠤ ᠴᠢᠨᠠᠷ ᠨᠢ ᠪᠦᠯᠢᠶᠡᠨ᠂ ᠥᠭᠡᠬᠦ ᠪᠠᠭ᠎ᠠ᠂ ᠤᠭᠤᠷᠠᠭ ᠶᠡᠬᠡᠲᠡᠢ᠂ ᠠᠷᠭ᠎ᠠ ᠬᠡᠢ ᠳᠤ ᠲᠤᠰᠠᠲᠠᠢ᠂ ᠴᠢᠰᠤ ᠶᠢ ᠰᠢᠮᠡᠵᠢᠭᠦᠯᠬᠦ᠂ ᠪᠡᠶ᠎ᠡ ᠮᠠᠬᠠᠪᠤᠳ ᠢ ᠴᠢᠭᠢᠷᠠᠭᠵᠢᠭᠤᠯᠬᠤ ᠦᠢᠯᠡᠳᠦᠯ ᠲᠠᠢ ᠤᠴᠢᠷ ᠠᠴᠠ ᠠᠳᠡᠬᠢ ᠶᠢᠨ ᠬᠦᠮᠦᠰ ᠦᠷ᠎ᠡ ᠶᠢ ᠲᠥᠯᠥᠵᠢᠭᠦᠯᠵᠦ ᠴᠢᠰᠤ ᠶᠢ ᠰᠢᠮᠡᠵᠢᠭᠦᠯᠬᠦ ᠲᠠᠮᠢᠷᠵᠢᠭᠤᠯᠬᠤ ᠢᠳᠡᠭᠡᠨ  ᠬᠡᠮᠡᠨ  ᠦᠷᠭᠦᠯᠵᠢ ᠬᠡᠷᠡᠭᠯᠡᠳᠡᠭ᠂ ᠡᠨᠡ ᠨᠢ ᠮᠥᠨ ᠴᠦ ᠴᠢᠰᠤᠨ ᠳᠠᠷᠤᠯᠲᠠ ᠥᠨᠳᠥᠷ ᠡᠪᠡᠳᠴᠢᠲᠡᠨ ᠪᠠ ᠥᠨᠳᠥᠷ ᠰᠥᠰᠥᠨ ᠤ ᠴᠢᠯᠠᠭᠤᠯᠢᠭ ᠠᠯᠺᠣᠣᠯ ᠢ ᠴᠡᠭᠡᠷᠯᠡᠬᠦ ᠡᠪᠡᠳᠴᠢᠲᠡᠨ ᠤ ᠰᠠᠨᠠᠭᠠᠨ ᠳᠤ ᠨᠡᠶᠢᠴᠡᠭᠰᠡᠨ ᠰᠢᠮ᠎ᠡ ᠲᠡᠵᠢᠭᠡᠯ ᠤᠨ ᠣᠬᠢ ᠢᠳᠡᠭᠡᠨ ᠪᠣᠯᠣᠨ᠎ᠠ᠃ 2001 ᠣᠨ ᠳᠤ᠂ ᠠᠷᠪᠠᠰ ᠴᠠᠭᠠᠨ ᠨᠣᠣᠯᠤᠭᠤᠷ ᠤᠨ ᠢᠮᠠᠭ᠎ᠠ ᠨᠢ ᠤᠯᠤᠰ ᠤᠨ ᠠᠩᠬᠠᠨ ᠤ ᠪᠦᠯᠦᠭ ᠤᠨ ᠠᠮᠢᠲᠠᠨ ᠤ ᠥᠪ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ  ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠡᠭᠦᠯᠳᠡᠷ ᠲᠤ ᠵᠢᠭᠰᠠᠭᠠᠭᠳᠠᠨ ᠣᠷᠣᠵᠤ᠂ ᠣᠲᠤᠭ ᠤᠨ ᠪᠥᠬᠦ ᠤᠯᠤᠰ᠂ ᠳᠡᠯᠡᠬᠡᠢ ᠳᠤ ᠬᠠᠨᠳᠤᠭᠤᠯᠤᠭᠰᠠᠨ ᠨᠢᠳᠦ ᠭᠢᠯᠠᠰᠤᠮ᠎ᠠ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号