2023 ᠣᠨ ᠤ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/7/24
      2023 ᠣᠨ ᠤ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠦᠢᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠪᠡ᠃ ᠬᠠᠪᠤᠷ ᠤᠨ ᠲᠠᠷᠢᠶᠠᠯᠠᠭ᠎ᠠ ᠶᠢ ᠤᠷᠤᠭᠰᠢᠲᠠᠢ ᠪᠡᠶᠡᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠯᠠᠪᠳᠠᠭᠤᠨ ᠢᠶᠠᠷ ᠠᠬᠢᠪᠠ᠃ ᠭᠠᠭ᠋ᠠᠢ ᠦᠬᠡᠷ ᠬᠤᠨᠢ ᠵᠢᠭᠦᠷᠲᠡᠨ ᠤ ᠲᠤᠭ᠎ᠠ ᠲᠣᠯᠣᠭᠠᠢ ᠲᠣᠭᠲᠠᠭᠤᠨ ᠢᠶᠠᠷ ᠨᠡᠮᠡᠭᠳᠡᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠨ᠎ᠠ᠃ ᠬᠤᠶᠠᠳᠤᠭᠠᠷ ᠤᠯᠠᠷᠢᠯ ᠤᠨ ᠡᠴᠦᠰ ᠲᠤ᠂ ᠪᠥᠬᠦ ᠣᠷᠣᠨ ᠤ ᠠᠮᠢᠳᠤ ᠭᠠᠭ᠋ᠠᠢ 631.9 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠨᠡᠮᠡᠭᠳᠡᠪᠡ︔ ᠦᠬᠡᠷ ᠤᠨ ᠲᠤᠭ᠎ᠠ 913.6 ᠲᠦᠮᠡ ᠳᠤ ᠬᠦᠷᠴᠦ᠂13.8% ᠪᠠᠷ ᠨᠡᠮᠡᠭᠳᠡᠪᠡ︔ ᠬᠤᠨᠢᠨ ᠤ ᠲᠤᠭ᠎ᠠ 6725.9 ᠲᠦᠮᠡ ᠳᠤ ᠬᠦᠷᠴᠦ᠂ 2.9% ᠪᠠᠷ ᠨᠡᠮᠡᠭᠳᠡᠪᠡ᠃ ᠲᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 98.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号