ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠲᠠᠨᠢᠯᠴᠠᠭᠤᠯᠬᠤ ᠲᠤᠰᠢᠶᠠᠯᠲᠠᠨ︾ ᠢ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/7/25
      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠬᠤ ᠡᠷᠴᠢᠮ ᠢ ᠴᠢᠩᠭᠠᠷᠠᠭᠤᠯᠬᠤ ᠶᠢᠨ ᠲᠦᠯᠦᠭᠡ᠂ 7 ᠰᠠᠷ᠎ᠠ ᠶᠢᠨ 24 ᠤ ᠡᠳᠦᠷ᠂ ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠲᠠᠨᠢᠯᠴᠠᠭᠤᠯᠬᠤ ᠲᠤᠰᠢᠶᠠᠯᠲᠠᠨ︾ ᠢ ᠰᠢᠯᠭᠠᠷᠠᠭᠤᠯᠬᠤ ᠤᠷᠤᠯᠳᠤᠭᠠᠨ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠲᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃
1.jpg
       ᠲᠣᠰ ᠬᠤᠭᠤᠴᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ᠂ ᠨᠠᠮ ᠤᠨ ᠬᠤᠷᠢᠶ᠎ᠠ ᠶᠢᠨ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠪᠣᠯᠣᠨ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠬᠠᠮᠲᠤᠷᠠᠨ ᠡᠷᠭᠢᠯᠡᠪᠡ᠃ ᠡᠭᠦᠨ ᠤ ᠵᠣᠷᠢᠯᠭ᠎ᠠ ᠨᠢ ᠡᠯ᠎ᠡ ᠠᠶᠢᠮᠠᠭ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠡᠶᠢᠭᠡᠮ ᠤᠨ ᠰᠦᠯᠵᠢᠶᠡᠨ ᠰᠣᠳᠣᠨ ᠮᠠᠩᠯᠠᠢ ᠬᠥᠮᠥᠰ ᠤᠨ ᠳᠤᠮᠳᠠ ᠠᠴᠠ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠷᠡᠭᠦᠯᠬᠦ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠡᠯᠰᠡᠬᠦ᠂ ᠰᠣᠩᠭᠤᠬᠤ᠂ ᠬᠥᠮᠥᠵᠢᠭᠦᠯᠬᠦ᠂ ᠭᠡᠷᠡᠴᠢᠯᠡᠬᠦ ᠶᠢᠨ ᠲᠥᠯᠥᠭᠡ ᠪᠠᠶᠢᠵᠤ᠂ ᠥᠪᠥᠷ ᠮᠣᠩᠭᠤᠯ ᠤᠨ ᠰᠠᠶᠢᠨ ᠪᠦᠲᠦᠭᠡᠭᠳᠡᠬᠦᠨ ᠢ ᠬᠦᠴᠦ ᠪᠠᠨ ᠬᠠᠮᠲᠤᠳᠬᠠᠨ ᠲᠠᠨᠢᠯᠴᠠᠭᠤᠯᠬᠤ ᠶᠢ ᠪᠣᠶ ᠪᠣᠯᠭᠠᠨ᠎ᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ 5 ᠨᠡᠷᠡᠰ ︽ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠲᠠᠨᠢᠯᠴᠠᠭᠤᠯᠬᠤ ᠲᠤᠰᠢᠶᠠᠯᠲᠠᠨ︾ ᠤ ᠳᠦᠷᠢ ᠲᠥᠷᠬᠦ ᠶᠢᠨ ᠡᠯᠴᠢᠨ ᠪᠠ ᠠᠩᠬᠠᠳᠤᠭᠠᠷ ᠪᠦᠯᠦᠭ ︽ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠲᠠᠨᠢᠯᠴᠠᠭᠤᠯᠬᠤ ᠲᠤᠰᠢᠶᠠᠯᠲᠠᠨ︾ ᠢ ᠤᠷᠢᠨ ᠲᠣᠮᠢᠯᠠᠪᠠ᠃ ᠲᠣᠰ ᠤᠷᠤᠯᠳᠤᠭᠠᠨ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠷᠡᠭᠦᠯᠦᠨ ᠦᠵᠡᠭᠦᠯᠬᠦ᠂ ᠣᠬᠤᠷ ᠸᠢᠳᠢᠤ᠋ ᠶᠢᠨ ᠵᠣᠬᠢᠶᠠᠨ ᠪᠦᠲᠦᠭᠡᠯᠭᠡ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ᠬᠡᠯᠪᠡᠷᠢ ᠪᠠᠷ ᠠᠩᠬᠠᠳᠤᠭᠠᠷ ᠪᠦᠯᠦᠭ ᠤᠨ 20 ᠨᠡᠷᠡᠰ ︽ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠲᠠᠨᠢᠯᠴᠠᠭᠤᠯᠬᠤ ᠲᠤᠰᠢᠶᠠᠯᠲᠠᠨ︾ ᠢ ᠰᠢᠯᠭᠠᠷᠠᠭᠤᠯᠤᠨ ᠭᠠᠷᠭᠠᠵᠤ᠂ ᠬᠠᠮᠤᠭ ᠤᠨ ᠰᠢᠯᠢᠳᠡᠭ ᠳᠡᠯᠭᠡᠴᠡᠨ ᠳᠤ ᠭᠠᠷᠬᠤ ᠱᠠᠩᠨᠠᠯ᠂ ᠬᠠᠮᠤᠭ ᠤᠨ ᠰᠢᠯᠢᠳᠡᠭ ᠤᠷ᠎ᠠ ᠴᠢᠳᠠᠪᠤᠷᠢ ᠶᠢᠨ ᠱᠠᠩᠨᠠᠯ᠂ ᠬᠠᠮᠤᠭ ᠤᠨ ᠣᠯᠠᠨ ᠲᠦᠮᠡᠨ ᠲᠠᠢ ᠣᠶᠢᠷᠠᠲᠤᠭᠰᠠᠨ ᠱᠠᠩᠨᠠᠯ᠂ ᠬᠠᠮᠤᠭ ᠤᠨ ᠬᠦᠷᠢᠶᠡᠯᠡᠯ ᠲᠠᠢ ᠱᠠᠩᠨᠠᠯ᠂ ᠬᠠᠮᠤᠭ ᠤᠨ ᠰᠣᠶᠣᠯ ᠤᠨ ᠠᠭᠤᠯᠤᠭᠳᠠᠬᠤᠨ ᠲᠠᠢ ᠱᠠᠩᠨᠠᠯ ᠵᠡᠷᠭᠡ ᠲᠠᠪᠤᠨ ᠲᠥᠷᠥᠯ ᠤᠨ ᠱᠠᠩᠨᠠᠯ ᠢᠶᠠᠷ ᠲᠣᠰ ᠲᠣᠰ 4 ᠬᠥᠮᠥᠨ ᠢ ᠰᠢᠯᠭᠠᠷᠠᠭᠤᠯᠤᠨ ᠭᠠᠷᠭᠠᠪᠠ᠃
2.jpg
       ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠮᠲᠤ ᠪᠠᠷ ᠴᠢᠷᠮᠠᠶᠢᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠭᠰᠠᠨ ᠢᠶᠠᠷ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠤᠯᠠᠮ ᠠᠴᠠ ᠤᠯᠠᠮ ᠶᠡᠭᠡ ᠪᠣᠯᠪᠠ᠃ ᠢᠯᠠᠩᠭᠤᠶ᠎ᠠ ᠣᠳᠣᠬᠠᠨ ᠳᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ︽ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ︾ ᠶᠢᠨ ᠰᠠᠭᠠᠳ ᠦᠭᠡᠢ ᠲᠡᠷᠭᠡᠨ ᠳᠤ ᠰᠠᠭᠤᠯᠭᠠᠵᠤ᠂ ᠤᠷᠤᠰᠬᠠᠯ ᠤᠨ ᠬᠡᠮᠵᠢᠶ᠎ᠡ ᠨᠢ ︽ᠰᠢᠨ᠎ᠡ ᠲᠠᠷᠢᠶᠠᠯᠠᠩ ᠤᠨ ᠡᠳ᠋ ᠪᠠᠷᠠᠭ᠎ᠠ︾ ᠪᠣᠯᠵᠤ᠂ ᠭᠠᠷ ᠤᠲᠠᠰᠤ ᠨᠢ ︽ᠰᠢᠨ᠎ᠡ ᠲᠠᠷᠢᠶᠠᠯᠠᠩ ᠤᠨ ᠪᠠᠭᠠᠵᠢ︾ ᠪᠣᠯᠵᠤ᠂ ᠰᠢᠭᠤᠳ ᠨᠡᠪᠲᠡᠷᠡᠭᠦᠯᠭᠡ ᠨᠢ ︽ᠰᠢᠨ᠎ᠡ ᠲᠠᠷᠢᠶᠠᠯᠠᠩ ᠤᠨ ᠠᠵᠢᠯ︾ ᠪᠣᠯᠵᠤ᠂ ᠦᠯᠡᠮᠵᠢ ᠣᠯᠠᠨ ᠰᠢᠨ᠎ᠡ ᠮᠠᠯᠴᠢᠨ ᠲᠠᠷᠢᠶᠠᠴᠢᠨ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ︽ᠰᠢᠨ᠎ᠡ ᠰᠦᠯᠵᠢᠶᠡᠨ ᠤ ᠤᠳᠤᠨ︾ ᠪᠤᠯᠵᠤ᠂ ᠨᠠᠷᠠᠲᠤ ᠲᠦᠷᠦᠯ ᠲᠡᠮᠳᠡᠭᠲᠦ ᠪᠠ ᠪᠣᠷᠤᠯᠠᠭᠤᠯᠭ᠎ᠠ ᠶᠢᠨ ᠬᠤᠣᠰ ᠠᠮᠵᠢᠯᠲᠠ ᠶᠢ ᠪᠡᠶᠡᠯᠡᠭᠦᠯᠦᠭᠰᠡᠨ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠨ᠎ᠡ ᠵᠠᠭᠤᠴᠢᠯᠠᠭᠤᠷ ᠢ ᠳᠡᠯᠭᠡᠷᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠦᠪᠦᠷ ᠮᠣᠩᠭᠤᠯ ᠲᠠᠷᠢᠶᠠᠯᠠᠩ ᠤᠨ ᠬᠢᠨᠠᠨ ᠰᠤᠩᠭᠤᠯᠲᠠ︾ ᠴᠣᠣᠷᠢᠶ᠎ᠠ᠂ ᠸᠢᠳᠢᠤ᠋ ᠶᠢᠨ ᠳ᠋ᠤᠭᠠᠷ᠂ ᠪᠣᠰᠢᠭᠤᠭᠠᠷ ᠵᠡᠷᠭᠡ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠭᠠᠷᠭᠠᠵᠤ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠬᠤᠷ ᠸᠢᠳᠢᠤ᠋ ᠶᠢᠨ ᠤᠬᠠᠭᠤᠯᠭ᠎ᠠ ᠲᠠᠨᠢᠯᠴᠠᠭᠤᠯᠭ᠎ᠠ ᠪᠠ ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠠᠵᠢᠯᠯᠠᠭ᠎ᠠ ᠶᠢ ᠥᠷᠨᠢᠭᠦᠯᠦᠭᠡᠳ ᠮᠠᠰᠢ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃
3.jpg
4.png
       ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠲᠠᠨᠢᠯᠴᠠᠭᠤᠯᠬᠤ ᠲᠤᠰᠢᠶᠠᠯᠲᠠᠨ︾ ᠢ ᠰᠢᠯᠭᠠᠷᠠᠭᠤᠯᠬᠤ ᠤᠷᠤᠯᠳᠤᠭᠠᠨ ᠢ ᠶᠠᠪᠤᠭᠳᠠᠭᠤᠯᠤᠭᠰᠠᠨ ᠨᠢ᠂ ᠦᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠥᠯᠢᠭᠡᠷ ᠢ ᠰᠠᠶᠢᠲᠤᠷ ᠶᠠᠷᠢᠬᠤ᠂ ᠲᠠᠷᠢᠶᠠᠯᠠᠩ ᠮᠠᠯ ᠠᠵᠤ ᠠᠬᠤᠢ ᠶᠢᠨ ᠲᠠᠭᠤᠨ ᠢ ᠤᠯᠠᠮᠵᠢᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠳᠦᠷᠢ ᠲᠥᠷᠬᠦ ᠶᠢ ᠢᠯᠡᠷᠡᠭᠦᠯᠬᠦ ᠰᠢᠨ᠎ᠡ ᠲᠠᠪᠴᠠᠩ  ᠳᠤ ᠬᠦᠴᠦ ᠨᠡᠮᠡᠷᠢᠯᠡᠬᠦ ᠪᠥᠭᠡᠳ ᠮᠠᠨ ᠤ ᠣᠷᠣᠨ ᠤ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠠᠴᠠ ᠪᠥᠬᠦ ᠤᠯᠤᠰ ᠤᠨ ᠲᠣᠮᠣ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ᠂ ︽ᠦᠪᠦᠷ ᠮᠣᠩᠭᠤᠯ︾ ᠲᠡᠮᠳᠡᠭᠲᠦ ᠪᠦᠲᠦᠭᠡᠭᠳᠡᠬᠦᠨ ᠢ ᠪᠥᠬᠦ ᠤᠯᠤᠰ ᠲᠤ ᠳᠠᠭᠤᠷᠢᠰᠤᠭᠤᠯᠬᠤ ᠪᠣᠯᠣᠨ᠎ᠠ᠃ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号