2023 ᠣᠨ ᠤ 4 ᠰᠠᠷ᠎ᠠ ᠠᠴᠠ 6 ᠰᠠᠷ᠎ᠠ ᠶᠢᠨ ᠬᠤᠭᠤᠷᠣᠨᠳᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠵᠢᠴᠢ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠶᠣᠰᠣᠭᠠᠷ᠂ 370 ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠨᠢᠭᠡᠴᠢ ᠳᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ 7438 ᠬᠤᠪᠢ ᠤᠬᠠᠭᠤᠯᠬᠤ ᠮᠠᠲ᠋ᠧᠷᠢᠶᠠᠯ ᠲᠠᠷᠬᠠᠭᠠᠵᠤ᠂ 1434 | ᠬᠥᠮᠥᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠪᠡ᠃ | ᠪᠠᠶᠢᠴᠠᠭᠠᠬᠤ ᠶᠠᠪᠤᠴᠠ ᠳᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠨᠢᠭᠡᠴᠢ ᠳᠤ ᠤᠰᠤᠨ | ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠣᠷᠣᠭᠤᠯᠤᠯᠲᠠ ᠶᠢᠨ ᠡᠳ᠋ ᠤᠨ ᠬᠠᠤᠯᠢ ᠶᠢ ᠵᠥᠷᠢᠴᠡᠨ | ᠬᠡᠷᠡᠭᠯᠡᠭᠰᠡᠨ ᠦᠵᠡᠭᠳᠡᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠦᠭᠡᠢ᠃ ᠡᠯ᠎ᠡ ᠤᠰᠤᠨ ᠭᠠᠷᠤᠯᠲᠠ ᠶᠢᠨ | ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠨᠢᠭᠡᠴᠢ ᠨᠦᠭᠦᠳ ᠤᠯᠤᠰ ᠠᠴᠠ ᠵᠥᠪᠰᠢᠶᠡᠷᠡᠭᠰᠡᠨ ᠤᠰᠤᠨ | ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠮᠠᠯ ᠤᠨ ᠡᠮ᠂ ᠲᠡᠵᠢᠭᠡᠯ ᠪᠣᠷᠳᠤᠭ᠎ᠠ ᠪᠣᠯᠣᠨ ᠲᠡᠵᠢᠭᠡᠯ | ᠪᠣᠷᠳᠣᠭᠠᠨ ᠤ ᠨᠡᠮᠡᠯᠲᠡ ᠡᠳ᠋ ᠢ ᠬᠠᠤᠯᠢ ᠶᠣᠰᠣᠭᠠᠷ ᠬᠡᠷᠡᠭᠯᠡᠵᠦ᠂ ᠶᠠᠰᠤ ᠴᠢᠨᠠᠷ ᠤᠨ ᠠᠮᠤᠷ ᠲᠦᠪᠰᠢᠨ ᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠷ᠎ᠡ ᠵᠢᠷᠠᠭᠠᠬᠠᠢ ᠶᠢ ᠣᠷᠣᠭᠤᠯᠵᠤ ᠢᠷᠡᠬᠦ᠂ ᠦᠢᠯᠡᠳᠪᠦᠷᠢᠯᠡᠬᠦ᠂ | ᠲᠡᠭᠡᠭᠡᠪᠦᠷᠢᠯᠡᠬᠦ ᠵᠢᠴᠢ ᠲᠡᠵᠢᠭᠡᠨ ᠦᠷᠡᠵᠢᠭᠦᠯᠬᠦ ᠡᠯ᠎ᠡ ᠭᠤᠭᠴᠤᠭ᠎ᠠ ᠶᠢᠨ ᠪᠦᠬᠦ ᠶᠠᠪᠤᠴᠠ ᠶᠢᠨ ᠶᠠᠰᠤ ᠴᠢᠨᠠᠷ ᠤᠨ | ᠡᠵᠡᠮᠳᠡᠯ ᠢ ᠨᠠᠶᠢᠳᠠᠪᠤᠷᠢᠵᠢᠭᠤᠯᠪᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2023 ᠣᠨ ᠤ 7 ᠰᠠᠷ᠎ᠠ ᠶᠢᠨ 24 ᠤ ᠡᠳᠦᠷ |