ᠤᠯᠠᠨ ᠤᠯᠤᠰ ᠤᠨ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠤᠰᠬᠠᠢ ᠰᠡᠳᠦᠪᠲᠦ ᠠᠵᠢᠯᠯᠠᠭ᠎ᠠ ᠶᠠᠪᠤᠭᠳᠠᠪᠠ ᠪᠦᠦ ᠰᠢᠶᠠᠨ ᠬᠤᠸᠠ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2023/7/25
      7 ᠰᠠᠷ᠎ᠠ ᠶᠢᠨ 21 ᠤ ᠦᠳᠡ ᠶᠢᠨ ᠬᠤᠶᠢᠨ᠎ᠠ᠂ ︽ᠥᠪᠥᠷ ᠮᠣᠩᠭᠤᠯ ᠤᠨ ᠲᠠᠯ᠎ᠠ ᠨᠤᠲᠤᠭ ᠤᠨ ᠢᠪᠡᠭᠡᠯ ᠢ ᠬᠦᠷᠲᠡᠵᠦ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢ ᠬᠠᠮᠲᠤ ᠪᠠᠷ ᠬᠥᠭᠵᠢᠭᠦᠯᠦᠶ᠎ᠡ︾ ᠭᠡᠬᠦ ᠪᠠᠷ ᠭᠤᠣᠯ ᠰᠡᠳᠦᠪ ᠪᠤᠯᠭᠠᠬᠰᠠᠨ ᠤᠯᠠᠨ ᠤᠯᠤᠰ ᠤᠨ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠤᠰᠬᠠᠢ ᠰᠡᠳᠦᠪᠲᠦ ᠠᠵᠢᠯᠯᠠᠭ᠎ᠠ ᠭᠦᠭᠡᠬᠤᠲᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠠᠶᠠᠷ ᠤᠨ ᠦᠭᠡ ᠬᠡᠯᠡᠵᠡᠢ᠃      ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ 4 ᠵᠢᠯ ᠳᠠᠷᠠᠭᠠᠯᠠᠨ 700 ᠳ᠋ᠦᠩᠰᠢᠭᠤᠷ ᠵᠢᠩ ᠢ ᠳᠠᠪᠠᠵᠤ᠂ ᠵᠢᠯ ᠪᠦᠷᠢ 50% ᠠᠴᠠ ᠳᠡᠭᠡᠭᠰᠢᠬᠢ ᠠᠮᠤ ᠪᠤᠳᠠᠭ᠎ᠠ ᠪᠠᠨ ᠣᠷᠣᠨ ᠤ ᠭᠠᠳᠠᠨ᠎ᠠ ᠲᠣᠬᠢᠷᠠᠭᠤᠯᠤᠨ ᠰᠢᠯᠵᠢᠭᠦᠯᠵᠦ᠂ ᠪᠦᠭᠦ ᠤᠯᠤᠰ ᠲᠤ ᠬᠠᠩᠭᠠᠵᠤ᠂ ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ ᠪᠣᠯᠣᠨ ᠢᠮᠠᠭᠠᠨ ᠨᠣᠣᠯᠣᠭᠤᠷ᠂ ᠲᠡᠵᠢᠭᠡᠯ ᠡᠪᠡᠰᠦᠨ ᠤ ᠭᠠᠷᠤᠯᠲᠠ ᠪᠦᠭᠦ ᠤᠯᠤᠰ ᠲᠤ ᠲᠦᠷᠦᠭᠦᠯᠡᠵᠦ ᠪᠤᠢ᠃ ᠠᠵᠢᠯᠯᠠᠭ᠎ᠠ ᠳᠤ᠂ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠶᠡᠭᠡ ᠰᠤᠷᠭᠠᠭᠤᠯᠢ ᠶᠢᠨ ︽ᠫᠷᠤᠹᠧᠰᠰᠤᠷ ᠤᠨ ᠠᠵᠢᠯᠯᠠᠬᠤ ᠥᠷᠲᠡᠭᠡ︾ ᠫᠠᠶᠢᠰᠠ ᠡᠯᠭᠦᠵᠦ᠂ ᠠᠵᠤ ᠠᠬᠤᠶᠢᠯᠠᠯᠲᠠᠨ ᠤ ᠲᠥᠯᠥᠭᠡᠯᠡᠭᠴᠢ ᠠᠴᠠ ᠪᠡᠯᠡᠳᠬᠡᠭᠰᠡᠨ ᠨᠣᠭᠤᠭ᠎ᠠ᠂ ᠢᠮᠠᠭᠠᠨ ᠨᠣᠣᠯᠣᠭᠤᠷ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠭᠤᠣᠯ ᠵᠤᠷᠢᠯᠳᠠᠳᠤ ᠦᠭᠡ ᠬᠡᠯᠡᠵᠦ᠂ ᠬᠤᠯᠪᠣᠭᠳᠠᠯ ᠪᠦᠬᠦᠢ ᠠᠶᠢᠮᠠᠭ ᠬᠤᠲᠠ ᠲᠥᠬᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠲᠡᠮᠳᠡᠭ ᠵᠡᠷᠭᠡ ᠶᠢᠨ ᠲᠤᠬᠠᠢ ᠭᠤᠣᠯ ᠰᠡᠳᠦᠪᠲᠦ ᠲᠠᠨᠢᠯᠴᠠᠭᠤᠯᠭ᠎ᠠ ᠬᠢᠪᠡ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号