ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠶᠢ ᠰᠢᠯᠭᠠᠷᠠᠭᠤᠯᠬᠤ ᠨᠡᠷᠡᠰ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/7/26
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ﹀ ᠶᠢ ᠦᠨᠡᠯᠡᠨ ᠲᠣᠭᠲᠠᠭᠠᠬᠤ ᠪᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠲᠠᠷᠢᠶᠠᠯᠠᠩ ᠮᠠᠯ ᠠᠵᠤ ᠲᠠᠷᠬᠠᠭᠠᠭᠰᠠᠨ ﹇2023﹈ 322 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠰᠢᠶᠠᠨ ᠤ ᠭᠤᠶᠤᠴᠢᠯᠠᠨ ᠮᠡᠳᠡᠭᠦᠯᠦᠯᠲᠡ᠂ ᠠᠶᠢᠮᠠᠭ ᠬᠤᠲᠠ ᠶᠢᠨ ᠠᠩᠬ᠎ᠠ ᠬᠢᠨᠠᠯᠲᠠ᠂ ᠲᠤᠰᠬᠠᠢ ᠮᠡᠷᠭᠡᠵᠢᠯᠲᠡᠨ ᠤ ᠦᠨᠡᠯᠡᠨ ᠬᠢᠨᠠᠯᠲᠠ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠡᠳᠦᠭᠡ ︽ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠶᠢᠨ ᠰᠢᠯᠭᠠᠷᠠᠭᠤᠯᠤᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠪᠠᠷ ᠪᠠᠶᠢᠨ᠎ᠠ᠃ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ︵7 ᠰᠠᠷ᠎ᠠ ᠶᠢᠨ 25 ᠤ ᠡᠳᠦᠷ ︱7 ᠰᠠᠷ᠎ᠠ ᠶᠢᠨ 31 ᠤ ᠡᠳᠦᠷ︶ ᠪᠣᠯᠣᠨ᠎ᠠ᠂ ᠬᠡᠷᠪᠡ ᠣᠨᠳᠣᠣ ᠰᠠᠨᠠᠯ ᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠭᠠᠵᠠᠷ ᠲᠤ ᠲᠤᠰᠬᠠᠭᠠᠷᠠᠢ᠂ ᠬᠠᠷᠢᠯᠴᠠᠬᠤ ᠤᠲᠠᠰᠤ᠄ 0471︱6652082︔ ᠬᠡᠷᠪᠡ ᠬᠠᠤᠯᠢ ᠰᠠᠬᠢᠯᠭ᠎ᠠ ᠠᠴᠠ ᠵᠥᠷᠢᠴᠡᠭᠰᠡᠨ ᠠᠰᠠᠭᠤᠳᠠᠯ ᠪᠠᠶᠢᠪᠠᠯ᠂ ᠬᠠᠮᠢᠶ᠎ᠠ ᠪᠦᠬᠦᠢ ᠭᠡᠷᠡᠴᠢ ᠪᠠᠷᠢᠮᠲᠠ ᠬᠠᠩᠭᠠᠵᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠲᠤᠰᠬᠠᠭᠠᠷᠠᠢ᠂ ᠬᠠᠷᠢᠯᠴᠠᠬᠤ ᠤᠲᠠᠰᠤ᠄ 0471︱6651837᠃       ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠶᠢᠨ ᠨᠡᠷᠡᠰ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                        ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                  2023 ᠣᠨ ᠤ 7 ᠰᠠᠷ᠎ᠠ ᠶᠢᠨ 26 ᠤ ᠡᠳᠦᠷ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号