ᠠᠭᠠᠬᠢᠮ᠎ᠠ ᠵᠤᠨ ᠤ ᠬᠠᠯᠠᠭᠤᠨ ᠳᠤ ᠨᠢᠩᠴᠧᠩ ᠰᠢᠶᠠᠨ ᠤ ᠰᠢ ᠽᠢ ᠪᠠᠯᠭᠠᠰᠤᠨ ᠤ ᠬᠤᠷᠢᠨᠭᠡᠷ ᠲᠤᠰᠬᠤᠨ ᠤ | ᠪᠤᠭᠤᠳᠠᠢ ᠬᠤᠷᠢᠶᠠᠬᠤ ᠲᠤᠬᠠᠢ ᠶᠢᠨ ᠲᠠᠯᠠᠪᠠᠢ ᠳᠤ ᠲᠤᠮᠤ ᠬᠡᠯᠪᠡᠷᠢ ᠶᠢᠨ ᠬᠠᠳᠤᠵᠤ ᠬᠤᠷᠢᠶᠠᠬᠤ ᠮᠠᠰᠢᠨ ᠨᠠᠭᠠᠰᠢ | ᠴᠠᠭᠠᠰᠢ ᠰᠦᠯᠵᠢᠯᠳᠦᠵᠦ᠂ ᠠᠯᠳᠠᠨ ᠰᠢᠷᠭᠠᠯ ᠪᠤᠭᠤᠳᠠᠢ ᠶᠢᠨ ᠲᠦᠷᠦᠭᠦᠦ ᠰᠠᠯᠬᠢᠨ ᠤ ᠠᠶᠠᠰ ᠢᠶᠠᠷ ᠭᠠᠩᠬᠤᠨ᠎ᠠ᠃ | ︽ᠨᠢᠩᠴᠧᠩ ᠰᠢᠶᠠᠨ ᠪᠣᠯ ᠮᠠᠨ ᠤ ᠤᠯᠠᠭᠠᠨᠬᠠᠳᠠ ᠳᠠᠬᠢ ᠠᠩᠬᠠᠨ ᠤ ᠦᠷᠳᠡᠭᠡ ᠪᠣᠯᠤᠨ᠎ᠠ᠂ ᠤᠳᠤ ᠡᠳᠦᠷ ᠪᠦᠷᠢ | 20 ᠮᠦ ᠠᠴᠠ 30 ᠮᠦ ᠬᠠᠳᠤᠵᠤ ᠬᠤᠷᠢᠶᠠᠨ᠎ᠠ᠂ ᠵᠢᠱᠢᠯᠲᠡ ᠪᠠᠷ 5 ᠡᠳᠦᠷ ᠤᠨ ᠳᠣᠲᠣᠷ᠎ᠠ ᠪᠦᠬᠦᠨ ᠢ ᠬᠠᠳᠤᠵᠤ | ᠳᠠᠭᠤᠰᠤᠨ᠎ᠠ᠂ ᠳᠠᠷᠠᠭ᠎ᠠ ᠨᠢ ᠬᠡᠰᠢᠭᠲᠡᠨ ᠬᠤᠰᠢᠭᠤᠨ ᠳᠤ ᠬᠦᠷᠴᠦ ᠦᠷᠭᠦᠯᠵᠢᠯᠡᠨ ᠪᠤᠭᠤᠳᠠᠢ ᠬᠠᠳᠤᠨ᠎ᠠ︾ ᠭᠡᠵᠦ | ᠲᠠᠷᠢᠶᠠᠨ ᠭᠠᠵᠠᠷ ᠲᠤ ᠬᠠᠳᠤᠵᠤ ᠬᠤᠷᠢᠶᠠᠬᠤ ᠬᠤᠯᠪᠤᠭᠠᠯᠠᠭᠰᠠᠨ ᠮᠠᠰᠢᠨ ᠢᠶᠠᠷ ᠶᠠᠭᠠᠷᠠᠯᠲᠠᠢ ᠠᠵᠢᠯᠯᠠᠵᠤ ᠪᠠᠶᠢᠭ᠎ᠠ | ᠾᠧᠨᠠᠨ ᠮᠤᠵᠢ ᠶᠢᠨ ᠵᠠᠩ ᠲᠦᠩ ᠭᠠᠩ ᠰᠣᠷᠪᠤᠯᠵᠢᠯᠠᠭᠴᠢ ᠳᠤ ᠬᠡᠯᠡᠪᠡ᠃ ᠡᠨᠡ ᠨᠢ ᠤᠯᠠᠭᠠᠨᠬᠠᠳᠠ ᠬᠤᠲᠠ ᠶᠢᠨ 53 | ᠲᠦᠮᠡᠨ ᠮᠦ ᠬᠠᠪᠤᠷ ᠤᠨ ᠪᠤᠭᠤᠳᠠᠢ ᠬᠠᠳᠤᠵᠤ ᠬᠤᠷᠢᠶᠠᠬᠤ ᠤᠯᠠᠷᠢᠯ ᠳᠤ ᠣᠷᠤᠭᠰᠠᠨ ᠢ ᠬᠠᠷᠠᠭᠤᠯᠵᠤ ᠪᠤᠢ᠃ | ︽ᠡᠨᠡ ᠵᠢᠯ ᠮᠠᠨ ᠤ ᠬᠢ 20 ᠮᠥ ᠬᠠᠪᠤᠷ ᠤᠨ ᠪᠤᠭᠤᠳᠠᠶ ᠳᠠᠷᠢᠵᠤ᠂ ᠤᠷᠭᠤᠴᠠ ᠮᠠᠰᠢ ᠰᠠᠶᠢᠨ᠂ ᠪᠤᠭᠤᠳᠠᠶ ᠪᠠᠨ | ᠬᠠᠳᠤᠵᠤ ᠪᠠᠷᠠᠭᠰᠠᠨ ᠤ ᠳᠠᠷᠠᠭ᠎ᠠ ᠴᠠᠭᠠᠨ ᠨᠣᠭᠤᠭ᠎ᠠ ᠲᠠᠷᠢᠨ᠎ᠠ᠂ ᠮᠥ ᠪᠦᠷᠢ ᠠᠴᠠ ᠪᠠᠷᠤᠭ 5000 ᠲᠥᠭᠦᠷᠢᠭ | ᠣᠷᠴᠢᠮ ᠤᠨ ᠣᠷᠣᠯᠭ᠎ᠠ ᠤᠯᠤᠨ᠎ᠠ᠂ ᠡᠭᠦᠨ ᠳᠤ ᠪᠤᠭᠤᠳᠠᠶ ᠶᠢᠨ ᠮᠥ ᠪᠦᠷᠢ ᠶᠢᠨ ᠤᠷᠤᠯᠭ᠎ᠠ 1600 ᠲᠥᠭᠦᠷᠢᠭ | ᠣᠷᠴᠢᠮ ᠬᠦᠷᠦᠨ᠎ᠡ︾ ᠭᠡᠵᠦ ᠬᠤᠷᠢᠨᠭᠡᠷ ᠲᠤᠰᠬᠤᠨ ᠳᠤ ᠠᠷᠠᠳ ᠸᠠᠩ ᠰᠢᠨ ᠢᠦᠢ ᠪᠠᠶᠠᠷᠯᠠᠨ᠎ᠠ᠃ | ᠣᠳᠣᠬᠠᠨ ᠳᠤ ᠨᠢᠩᠴᠧᠩ ᠰᠢᠶᠠᠨ ᠤ ᠪᠤᠭᠤᠳᠠᠶ ᠳᠠᠷᠢᠬᠤ ᠲᠠᠯᠠᠪᠠᠶ ᠨᠢᠭᠡᠨᠲᠡ 5000 ᠮᠦ ᠳᠤ ᠬᠦᠷᠴᠦ᠂ | ᠭᠤᠣᠯᠳᠠᠭᠤ ᠰᠢ ᠽᠢ ᠪᠠᠯᠭᠠᠰᠤ᠂ ᠳ᠋ᠠ ᠮᠢᠩ ᠪᠠᠯᠭᠠᠰᠤ᠂ ᠪᠠᠷᠠᠭᠤᠨ ᠪᠸᠢ ᠫᠢᠡᠭ ᠪᠠᠯᠭᠠᠰᠤ᠂ ᠲᠢᠶᠠᠨ ᠢ ᠪᠠᠯᠭᠠᠰᠤ ᠵᠡᠷᠭᠡ | ᠭᠠᠵᠠᠷ ᠢᠶᠠᠷ ᠲᠠᠷᠬᠠᠵᠤ ᠪᠠᠶᠢᠨ᠎ᠠ᠃ | ︽ᠪᠢᠳᠡ ᠳᠡᠭᠡᠷ᠎ᠡ ᠵᠠᠭᠤᠨ ᠤ ᠳᠠᠯᠠᠭᠠᠳ ᠣᠨ ᠤ ᠡᠬᠢᠨ ᠠᠴᠠ ᠪᠤᠭᠤᠳᠠᠶ ᠳᠠᠷᠢᠵᠤ ᠡᠬᠢᠯᠡᠨ᠂ ᠣᠳᠣ 6 | ᠲᠤᠰᠬᠤᠨ ᠪᠤᠭᠤᠳᠠᠶ ᠳᠠᠷᠢᠵᠤ᠂ ᠲᠠᠯᠠᠪᠠᠶ ᠨᠢ 1000 ᠭᠠᠷᠤᠶ ᠮᠦ ᠳᠤ ᠬᠦᠷᠴᠦ ᠪᠤᠢ᠃ ᠡᠨᠡ ᠵᠢᠯ ᠤᠨ ᠬᠠᠪᠤᠷ ᠤᠨ | ᠪᠤᠭᠤᠳᠠᠶ ᠶᠢᠨ ᠮᠥ ᠲᠤᠮᠳᠠᠴᠢ ᠤᠨᠠᠯᠲᠠ 800 ᠭᠠᠷᠤᠶ ᠵᠢᠩ ᠳᠤ ᠬᠦᠷᠴᠦ᠂ ᠮᠥ ᠳᠤᠮᠳᠠᠴᠢ ᠠᠴᠠ 1600 ᠭᠠᠷᠤᠶ | ᠲᠦᠭᠦᠷᠢᠭ ᠤᠨ ᠣᠷᠣᠯᠭ᠎ᠠ ᠤᠯᠤᠨ᠎ᠠ︾ ᠭᠡᠵᠦ ᠰᠢ ᠽᠢ ᠪᠠᠯᠭᠠᠰᠤᠨ ᠤ ᠶᠡᠷᠦᠩᠭᠡᠶᠢᠯᠡᠭᠰᠡᠨ ᠪᠠᠲᠤᠯᠠᠭ᠎ᠠ ᠪᠣᠯᠤᠨ | ᠮᠡᠷᠭᠡᠵᠢᠯ ᠳᠡᠯᠭᠡᠷᠡᠭᠦᠯᠬᠦ ᠲᠦᠪ ᠤᠨ ᠡᠷᠬᠢᠨᠯᠭᠴᠢ ᠶᠠᠩ ᠰᠢᠶᠠᠨ ᠷᠦᠢ ᠲᠠᠨᠢᠯᠴᠠᠭᠤᠯᠪᠠ᠃ | ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠭᠠᠷᠤᠯᠲᠠ ᠶᠢᠨ ᠲᠤᠮᠤ ᠬᠤᠳᠠ ᠪᠣᠯᠤᠭᠰᠠᠨ ᠤ | ᠬᠤᠪᠢ ᠳᠤ᠂ ᠡᠨᠡ ᠵᠢᠯ ᠤᠯᠠᠭᠠᠨᠬᠠᠳᠠ ᠬᠤᠳᠠ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠪᠠᠳᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠦᠷᠭᠦᠯᠵᠢᠯᠡᠨ | ᠭᠦᠨᠵᠡᠭᠡᠢ ᠬᠡᠷᠡᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠡᠬᠢ ᠪᠠᠶᠠᠯᠢᠭ ᠢ ᠨᠢᠭᠡᠳᠦᠯᠳᠡᠢ ᠲᠦᠯᠦᠪᠵᠢᠬᠦᠯᠵᠦ᠂ ᠠᠮᠤ ᠪᠤᠳᠠᠭᠠᠨ ᠤ | ᠦᠢᠯᠡᠳᠪᠦᠷᠢᠯᠡᠯ ᠢ ᠤᠷᠢᠳ ᠢᠶᠠᠷ ᠪᠠᠲᠤᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠲᠠᠯᠠᠪᠠᠢ ᠪᠣᠯᠤᠨ ᠤᠨᠠᠯᠲᠠ ᠶᠢ | ᠦᠷᠭᠦᠯᠵᠢᠯᠡᠨ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ 1865.59 ᠲᠦᠮᠡᠨ ᠮᠦ ᠶᠢ | ᠳᠠᠪᠠᠵᠤ᠂ ᠪᠤᠭᠤᠳᠠᠢ ᠲᠠᠷᠢᠬᠰᠠᠨ ᠲᠠᠯᠠᠪᠠᠢ 53 ᠲᠦᠮᠡᠨ ᠮᠦ ᠳᠤ ᠬᠦᠷᠴᠡᠢ᠃ | ︽ᠡᠮᠦᠨᠡᠬᠢ ᠬᠤᠭᠤᠴᠠᠭᠠᠨ ᠳᠤ ᠪᠤᠭᠤᠳᠠᠢ ᠲᠠᠷᠢᠬᠤ ᠮᠡᠷᠭᠡᠵᠢᠯ ᠤᠨ ᠢᠵᠢ ᠪᠦᠷᠢᠳᠦᠭᠦᠯᠬᠦ ᠬᠠᠮᠢᠶᠠᠷᠤᠯᠲᠠ ᠶᠢ | ᠰᠠᠶᠢᠳᠤᠷ ᠬᠢᠬᠦ ᠪᠠᠷ ᠳᠠᠮᠵᠢᠭᠤᠯᠤᠨ᠂ ᠡᠨᠡ ᠵᠢᠯ ᠮᠠᠨ ᠤ ᠬᠤᠲᠠ ᠶᠢᠨ ᠪᠤᠭᠤᠳᠠᠢ ᠶᠢᠨ ᠮᠦ ᠲᠤᠮᠳᠠᠴᠢ ᠶᠢᠨ ᠤᠨᠠᠯᠲᠠ | ᠵᠢᠱᠢᠯᠲᠡ ᠪᠠᠷ 1000 ᠵᠢᠩ ᠢ ᠳᠠᠪᠠᠨ᠎ᠠ᠃ ᠵᠠᠯᠭᠠᠭᠠᠳ ᠲᠠᠷᠢᠶᠠᠴᠢᠳ ᠪᠠᠰᠠ ᠴᠠᠭᠠᠨ ᠨᠣᠭᠤᠭ᠎ᠠ ᠵᠡᠷᠭᠡ ᠠᠵᠤ | ᠠᠬᠤᠶ ᠶᠢᠨ ᠲᠠᠷᠢᠮᠠᠯ ᠲᠠᠷᠢᠨ᠎ᠠ᠂ ᠪᠢᠳᠡ ᠲᠠᠷᠢᠶᠠᠯᠠᠩ ᠤᠨ ᠮᠡᠷᠭᠡᠵᠢᠯ ᠤᠨ ᠬᠠᠪᠰᠤᠷᠤᠨ ᠵᠢᠯᠣᠭᠤᠳᠬᠤ ᠶᠢ ᠪᠠᠷᠢᠮᠲᠠᠯᠠᠵᠤ᠂ | ᠲᠡᠳᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠠᠲᠤᠯᠠᠨ᠎ᠠ︾ ᠭᠡᠵᠦ ᠤᠯᠠᠭᠠᠨᠬᠠᠳᠠ ᠬᠤᠲᠠ ᠶᠢᠨ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ ᠶᠢᠨ ᠳᠡᠭᠡᠳᠦ ᠲᠠᠰ ᠤᠨ ᠲᠠᠷᠢᠶᠠᠯᠠᠩ ᠤᠨ ᠮᠡᠷᠭᠡᠵᠢᠯᠲᠡᠨ ᠬᠠᠨ ᠰᠢᠶᠠᠩ ᠢᠦᠶ | ᠶᠠᠷᠢᠪᠠ᠃ | |