ᠬᠥᠯᠥᠨ ᠪᠤᠶᠢᠷ ᠬᠤᠲᠠ ᠶᠢᠨ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠢ ᠪᠣᠶᠢᠵᠢᠭᠤᠯᠤᠨ ᠭᠡᠷᠡᠴᠢᠯᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢᠨ ︽ᠠᠯᠲᠠᠨ ᠦᠰᠦᠭᠲᠦ ᠫᠠᠶᠢᠰᠠ︾ ᠶᠢ ᠪᠣᠶ ᠪᠣᠯᠭᠠᠪᠠ
ᠨᠡᠶᠢᠲᠡᠯᠡᠭᠰᠡᠨ ᠴᠠᠭ᠄
2023/7/27
      2023 ᠣᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠲᠥᠰᠥᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︿ᠭᠤᠷᠪᠠᠨ ᠪᠦᠲᠦᠭᠡᠭᠳᠡᠬᠦᠨ ᠨᠢᠭᠡ ᠲᠡᠮᠳᠡᠭᠲᠦ﹀ ᠶᠢᠨ ᠳᠥᠷᠪᠡᠨ ᠶᠡᠭᠡ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠬᠥᠯᠥᠨ ᠪᠤᠶᠢᠷ ᠬᠤᠲᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠬᠥᠯᠥᠨ ᠪᠤᠶᠢᠷ ᠬᠤᠲᠠ ᠶᠢᠨ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠤ ᠪᠣᠶᠢᠵᠢᠭᠤᠯᠬᠤ ᠶᠢ ᠠᠬᠢᠭᠤᠯᠬᠤ ᠲᠥᠯᠥᠪᠯᠡᠭᠡ︾ ᠪᠠ ︽ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︿ᠭᠤᠷᠪᠠᠨ ᠪᠦᠲᠦᠭᠡᠭᠳᠡᠬᠦᠨ ᠨᠢᠭᠡ ᠲᠡᠮᠳᠡᠭᠲᠦ﹀ ᠶᠢᠨ ᠳᠥᠷᠪᠡᠨ ᠶᠡᠭᠡ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠪᠠ᠂ ᠪᠣᠬᠢᠷᠲᠤᠯ ᠦᠭᠡᠢ ᠬᠥᠭᠵᠢᠭᠦᠯᠬᠦ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ᠂ ᠨᠢᠭᠡᠳᠦᠯᠲᠡᠢ ᠲᠥᠯᠥᠪᠯᠡᠨ ᠠᠬᠢᠭᠤᠯᠬᠤ ᠪᠠ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ ᠪᠠᠷ ᠵᠠᠷᠴᠢᠮ ᠪᠣᠯᠭᠠᠵᠤ᠂ ᠠᠵᠢᠯ ᠤᠨ ᠲᠤᠰᠬᠠᠢ ᠠᠩᠭᠢ ᠶᠢ ᠱᠠᠲᠤ ᠱᠠᠲᠤ ᠪᠠᠷ ᠪᠠᠶᠢᠭᠤᠯᠤᠨ᠂ ᠬᠠᠷᠠᠯᠲᠠᠲᠤ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠥᠬᠦ ᠬᠤᠲᠠ ᠶᠢᠨ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠢ ᠪᠣᠶᠢᠵᠢᠭᠤᠯᠤᠨ ᠭᠡᠷᠡᠴᠢᠯᠡᠬᠦ ᠶᠢᠨ ᠶᠠᠰᠤ ᠴᠢᠨᠠᠷ ᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠲᠦᠮᠵᠢᠲᠡᠶ ᠪᠡᠶᠡᠯᠡᠭᠦᠯᠵᠦ ᠪᠤᠢ᠃      ᠪᠣᠬᠢᠷᠲᠤᠯ ᠦᠭᠡᠢ ᠢᠳᠡᠭᠡᠨ ᠢ ᠪᠣᠶᠢᠵᠢᠭᠤᠯᠬᠤ ᠭᠡᠷᠡᠴᠢᠯᠡᠯ ᠤᠨ ᠲᠠᠯ᠎ᠠ ᠪᠠᠷ᠄ ᠪᠥᠬᠦ ᠬᠤᠲᠠ ᠳᠤ ᠣᠲᠣ ᠪᠣᠬᠢᠷᠲᠤᠯ ᠦᠭᠡᠢ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ 47᠂ ᠦᠢᠯᠡᠳᠬᠦᠨ 172 ᠪᠠᠶᠢᠵᠤ᠂ ᠭᠡᠷᠡᠴᠢᠯᠡᠯ ᠤᠨ ᠭᠠᠷᠤᠯᠲᠠ  ᠨᠢ 148.5 ᠲᠦᠮᠡᠨ ᠲᠣᠨ ᠳᠤ ᠬᠦᠷᠴᠡᠢ᠂ ᠡᠭᠦᠨ ᠳᠤ᠄ ᠠᠮᠤ ᠪᠤᠳᠠᠭᠠᠨ ᠤ ᠲᠥᠷᠥᠯ67.5 ᠲᠦᠮᠡᠨ ᠲᠣᠨ᠂ ᠢᠳᠡᠰᠢᠨ ᠲᠣᠰᠣ 10.7 ᠲᠦᠮᠡᠨ ᠲᠣᠨ᠂ ᠠᠮᠲᠠ ᠶᠢᠨ ᠣᠬᠢ ᠵᠢᠴᠢ ᠦᠵᠦᠮ ᠤᠨ ᠰᠢᠬᠢᠷ 20 ᠲᠦᠮᠡᠨ ᠲᠣᠨ᠂ ᠴᠠᠭᠠᠨ ᠰᠢᠬᠢᠷ 10 ᠲᠦᠮᠡᠨ ᠲᠣᠨ᠂ ᠭᠤᠯᠢᠷ 7.6 ᠲᠦᠮᠡᠨ ᠲᠣᠨ᠂ ᠠᠷᠪᠠᠢ ᠶᠢᠨ ᠨᠠᠬᠢᠶ᠎ᠠ 6 ᠲᠦᠮᠡᠨ ᠲᠣᠨ᠂ ᠮᠠᠯ ᠵᠢᠭᠦᠷᠲᠡᠨ ᠤ ᠲᠥᠷᠥᠯ 0.15 ᠲᠦᠮᠡᠨ ᠲᠣᠨ ᠪᠣᠢ᠃      ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠪᠣᠶᠢᠵᠢᠭᠤᠯᠤᠨ ᠭᠡᠷᠡᠴᠢᠯᠡᠬᠦ ᠲᠠᠯ᠎ᠠ ᠪᠠᠷ᠄ ᠪᠥᠬᠦ ᠬᠤᠲᠠ ᠳᠤ ᠣᠲᠣ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠭᠡᠷᠡᠴᠢᠯᠡᠭᠰᠡᠨ ᠣᠷᠭᠠᠨᠢᠭ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ 7᠂ ᠣᠷᠭᠠᠨᠢᠭ ᠢᠳᠡᠭᠡᠨ 20 ᠪᠠᠶᠢᠵᠤ᠂ ᠭᠡᠷᠡᠴᠢᠯᠡᠭᠰᠡᠨ ᠭᠠᠷᠤᠯᠲᠠ ᠨᠢ 1.85 ᠲᠦᠮᠡᠨ ᠲᠣᠨ ᠳᠤ ᠬᠦᠷᠴᠡᠢ᠂ ᠡᠭᠦᠨ ᠳᠤ᠄ ᠲᠠᠷᠢᠮᠠᠯ ᠤᠨ ᠦᠢᠯᠡᠰ ᠵᠢᠴᠢ ᠲᠡᠭᠦᠨ ᠤ ᠲᠦᠭᠦᠬᠡᠢ ᠮᠠᠲ᠋ᠧᠷᠢᠶᠠᠯ ᠤᠨ ᠪᠣᠯᠪᠠᠰᠤᠷᠠᠭᠤᠯᠤᠭᠰᠠᠨ ᠪᠦᠲᠦᠭᠡᠭᠳᠡᠬᠦᠨ 1.82 ᠲᠦᠮᠡᠨ ᠲᠣᠨ᠂ ᠮᠠᠯ ᠵᠢᠭᠦᠷᠲᠡᠨ ᠤ ᠲᠥᠷᠥᠯ ᠤᠨ ᠪᠦᠲᠦᠭᠡᠭᠳᠡᠬᠦᠨ 0.03 ᠲᠦᠮᠡᠨ ᠲᠣᠨ ᠪᠣᠢ᠃      ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠢ ᠪᠣᠶᠢᠵᠢᠭᠤᠯᠤᠨ ᠭᠡᠷᠡᠴᠢᠯᠡᠬᠦ ᠲᠠᠯ᠎ᠠ ᠪᠠᠷ᠄ ᠪᠥᠬᠦ ᠬᠤᠲᠠ ᠳᠤ ᠣᠲᠣ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳᠡᠩᠰᠡᠯᠡᠨ ᠬᠠᠮᠠᠭᠠᠯᠠᠵᠤ ᠪᠠᠶᠢᠭ᠎ᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ 32 ᠪᠠᠶᠢᠵᠤ᠂ ᠶᠡᠷᠦᠩᠬᠡᠢ ᠬᠡᠮᠵᠢᠶ᠎ᠡ ᠨᠢ ᠪᠥᠬᠦ ᠣᠷᠣᠨ ᠤ ᠳᠥᠷᠪᠡᠨ ᠤ ᠨᠢᠭᠡ ᠬᠤᠪᠢ ᠶᠢ ᠡᠵᠡᠯᠡᠵᠦ ᠪᠠᠶᠢᠨ᠎ᠠ᠃ ︽ᠵᠠᠯᠠᠨ ᠠᠶᠢᠯ ᠤᠨ ᠬᠠᠷ᠎ᠠ ᠳᠡᠯᠳᠡᠦ︾ ᠨᠢ ᠠᠩᠬᠠᠳᠤᠭᠠᠷ ᠪᠦᠯᠦᠭ ᠳᠤᠮᠳᠠᠳᠤ ᠡᠸᠦ᠋ᠷᠦᠫᠡ ᠶᠢᠨ ᠬᠠᠷᠢᠯᠴᠠᠨ ᠮᠡᠳᠡᠷᠡᠬᠦ ᠭᠠᠵᠠᠷ ᠵᠦᠢ ᠶᠢᠨ ᠢᠯᠡᠷᠬᠡᠶᠢᠯᠡᠯᠲᠦ ᠬᠠᠮᠠᠭᠠᠯᠠᠯᠲᠠ ᠶᠢᠨ ᠪᠦᠲᠦᠭᠡᠭᠳᠡᠬᠦᠨ ᠢ ᠢᠷᠠᠭᠤ ᠠᠯᠳᠠᠷᠲᠠᠢ ᠪᠠᠷ ᠬᠦᠷᠲᠡᠵᠡᠢ᠃ ︽ᠭᠤᠷᠪᠠᠨ ᠭᠤᠤᠯ ᠤᠨ ᠦᠬᠡᠷ︾ ︽ᠭᠤᠷᠪᠠᠨ ᠭᠤᠤᠯ ᠤᠨ ᠠᠳᠤᠭᠤ︾ ︽ᠬᠥᠯᠥᠨ ᠪᠤᠶᠢᠷ ᠤᠨ ᠰᠢᠯᠢᠮᠳᠡᠭ ᠤᠨ ᠦᠷ᠎ᠡ︾ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠢᠨᠵᠧᠨᠧᠷᠢᠩ ᠳᠤ ᠣᠷᠣᠭᠤᠯᠪᠠ᠃ᠲᠠᠷᠠᠭᠠᠴᠢ ᠶᠢᠨ ᠠᠯᠬᠤᠮ ᠳᠤ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠭᠤᠷᠪᠠᠨ ᠪᠦᠲᠦᠭᠡᠭᠳᠡᠬᠦᠨ ᠨᠢᠭᠡ ᠲᠡᠮᠳᠡᠭᠲᠦ︾ ᠶᠢᠨ ᠪᠦᠲᠦᠭᠡᠭᠳᠡᠬᠦᠨ ᠤ ᠲᠠᠯ᠎ᠠ ᠪᠠᠷ ᠬᠢ ᠳᠠᠶᠢᠴᠢᠯᠠᠬᠤ ᠦᠢᠯᠡᠳᠦᠯ ᠢ ᠦᠷᠭᠦᠯᠵᠢᠯᠡᠨ ᠭᠦᠢᠴᠡᠳ ᠪᠠᠳᠠᠷᠠᠭᠤᠯᠵᠤ᠂ ᠦᠢᠯᠡᠳᠪᠦᠷᠢᠯᠡᠯ ᠬᠠᠮᠢᠶᠠᠷᠤᠯᠲᠠ ᠶᠢ ᠵᠡᠷᠭᠡ ᠪᠠᠷ ᠴᠢᠬᠤᠯᠠᠴᠢᠯᠠᠬᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠬᠤᠯᠪᠣᠯᠳᠤᠭᠤᠯᠬᠤ ᠪᠠᠷ ᠳᠠᠮᠵᠢᠭᠤᠯᠤᠨ᠂ ᠬᠥᠯᠥᠨ ᠪᠤᠶᠢᠷ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠭᠤᠷᠪᠠᠨ ᠪᠦᠲᠦᠭᠡᠭᠳᠡᠬᠦᠨ ᠨᠢᠭᠡ ᠲᠡᠮᠳᠡᠭᠲᠦ︾ ᠶᠢ ᠴᠢᠨᠠᠷ ᠰᠠᠶᠢᠲᠠᠢ᠂ ᠬᠠᠯᠠᠭᠤᠨ ᠬᠦᠷᠢᠶᠡᠯᠡᠯ ᠲᠠᠢ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ ᠴᠢᠳᠠᠬᠤ ᠲᠠᠷᠢᠶᠠᠯᠠᠩ ᠮᠠᠯ ᠠᠵᠤ ᠠᠬᠤᠢ ᠶᠢᠨ ︽ᠠᠯᠲᠠᠨ ᠦᠰᠦᠭᠲᠦ ᠫᠠᠶᠢᠰᠠ︾ ᠪᠣᠯᠭᠠᠨ᠎ᠠ᠃ 
00.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号