ᠮᠠᠨ ᠤ ᠤᠷᠤᠨ ᠤ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ 1.72 ᠳ᠋ᠦᠩᠰᠢᠭᠤᠷ ᠮᠥ ᠳᠤ | ᠬᠦᠷᠴᠦ᠂ ᠪᠦᠬᠦ ᠤᠯᠤᠰ ᠤᠨ ᠲᠠᠷᠢᠶᠠᠨ ᠭᠠᠵᠠᠷ ᠤᠨ ᠲᠠᠯᠠᠪᠠᠢ ᠶᠢᠨ 8.97% ᠶᠢ ᠡᠵᠡᠯᠡᠵᠦ᠂ ᠪᠦᠬᠦ ᠤᠯᠤᠰ ᠤᠨ | ᠬᠤᠶᠠᠳᠤᠭᠠᠷ ᠲᠤ ᠵᠢᠭᠰᠠᠵᠤ ᠪᠤᠢ᠃ ᠮᠠᠨ ᠤ ᠤᠷᠤᠨ ᠤ ᠳᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠬᠠᠳᠠᠭᠤ ᠪᠡᠷᠭᠡ | ᠮᠦᠷᠳᠡᠭᠡᠨ ᠬᠠᠷᠢᠭᠤᠴᠠᠯᠭ᠎ᠠ ᠬᠦᠨᠳᠤ ᠪᠠᠶᠢᠵᠤ᠂ ᠣᠶᠢᠷ᠎ᠠ ᠶᠢᠨ ᠵᠢᠯ ᠤᠨ ᠲᠣᠷᠰᠢ ᠳᠠᠷᠢᠶᠠᠨ ᠭᠠᠵᠠᠷ ᠢ ᠬᠠᠮᠠᠭᠠᠯᠠᠬᠤ | ᠳᠦᠷᠢᠮ ᠪᠠ ᠭᠠᠵᠠᠷ ᠰᠢᠷᠤᠢ ᠶᠢ ᠠᠷᠪᠢᠯᠠᠨ ᠭᠠᠮᠨᠠᠵᠤ ᠡᠷᠴᠢᠮᠵᠢᠭᠦᠯᠦᠨ ᠬᠡᠷᠡᠭᠯᠡᠭᠦ ᠲᠦᠷᠢᠮ ᠢ ᠰᠠᠶᠢᠳᠤᠷ | ᠬᠡᠷᠡᠭᠵᠢᠭᠦᠯᠵᠤ᠂ ᠰᠢᠮᠡᠯᠢᠭ ᠬᠥᠷᠥᠰᠥ ᠰᠠᠶᠢᠨ ᠲᠠᠷᠢᠶᠠᠨ ᠭᠠᠵᠠᠷ ᠢ ᠪᠦᠬᠦ ᠬᠦᠴᠦᠨ ᠢᠶᠠᠷ ᠬᠠᠮᠠᠭᠠᠯᠠᠭᠰᠠᠭᠠᠷ ᠢᠷᠡᠪᠡ᠃ | ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠢ ᠪᠠᠶᠢᠭᠤᠯᠤᠨ᠂ | ᠳᠠᠷᠢᠶ᠎ᠠ ᠲᠦᠮᠦᠰᠤ ᠶᠢ ᠲᠣᠭᠤᠷᠢᠨ ᠴᠠᠭᠳᠠᠬᠤ APP ᠶᠢ ᠨᠡᠭᠡᠭᠡᠨ ᠬᠥᠭᠵᠢᠭᠦᠯᠵᠦ᠂ ᠭᠠᠷ ᠤᠲᠠᠰᠤ ᠪᠠᠷ ᠳᠠᠮᠵᠢᠨ | ᠡᠳᠦᠷ ᠳᠣᠳᠣᠮ ᠤᠨ ᠲᠣᠭᠤᠷᠢᠨ ᠴᠠᠭᠳᠠᠬᠤ᠂ ᠬᠠᠤᠯᠢ ᠠᠴᠠ ᠵᠥᠷᠢᠴᠡᠭᠰᠡᠨ ᠰᠦᠪᠡᠭᠴᠢ ᠶᠢ ᠣᠷᠣᠨ ᠪᠠᠶᠢᠷᠢ ᠲᠠᠢ ᠨᠢ | ᠳᠡᠭᠡᠭᠰᠢ ᠮᠡᠳᠡᠭᠦᠯᠬᠦ᠂ ᠰᠦᠯᠵᠢᠶᠡᠨ ᠳᠡᠭᠡᠷ᠎ᠡ ᠰᠢᠯᠵᠢᠭᠦᠯᠦᠨ ᠰᠢᠢᠳᠪᠦᠷᠢᠯᠡᠬᠦ ᠵᠢᠴᠢ ᠲᠠᠷᠤᠢ ᠲᠦᠷᠭᠡᠨ ᠢᠶᠠᠷ ᠬᠠᠤᠯᠢ | ᠬᠡᠷᠡᠭᠵᠢᠭᠦᠯᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ ᠡᠨᠡ ᠨᠢ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ | ᠭᠠᠴᠠᠭ᠎ᠠ ᠲᠤᠰᠬᠤᠨ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠭᠰᠡᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠵᠠᠮ ᠢ ᠨᠡᠪᠲᠡᠷᠡᠭᠦᠯᠦᠭᠰᠡᠨ ᠢᠶᠠᠷ | ᠪᠠᠷᠠᠬᠤ ᠥᠬᠡᠢ ᠪᠠᠰᠠ ︽ᠡᠷᠲᠡ ᠢᠯᠡᠷᠡᠭᠦᠯᠵᠦ᠂ ᠡᠷᠲᠡ ᠬᠤᠷᠢᠭᠯᠠᠬᠤ︾ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠪᠠᠶᠢᠷᠢᠰᠢᠯ ᠢ ᠪᠣᠢ ᠪᠣᠯᠭᠠᠪᠠ᠃ | ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ | ᠰᠤᠳᠤᠯᠤᠨ ᠨᠡᠭᠡᠭᠡᠭᠰᠡᠨ ︽ᠲᠠᠷᠢᠶᠠᠨ ᠭᠠᠵᠠᠷ ᠢ ᠳᠤᠷ᠎ᠠ ᠪᠠᠷ ᠡᠵᠡᠯᠡᠬᠦ ᠶᠢ ᠴᠠᠭ ᠲᠤᠬᠠᠢ ᠳᠤᠨᠢ ᠬᠢᠨᠠᠨ ᠬᠠᠮᠢᠶᠠᠷᠬᠤ | ᠰᠢᠰᠲ᠋ᠧᠮ︾ ᠢ ᠬᠡᠷᠡᠭᠵᠢᠭᠦᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠬᠢᠨᠠᠯᠳᠠ ᠬᠠᠮᠢᠶᠠᠷᠤᠯᠲᠠ ᠶᠢᠨ ᠰᠢᠨᠵᠢᠯᠡᠬᠦ | ᠤᠬᠠᠭᠠᠨᠴᠢᠯᠠᠯᠲᠠ᠂ ᠵᠢᠷᠤᠮᠵᠢᠭᠤᠯᠤᠯᠲᠠ ᠪᠠ ᠤᠶᠤᠨᠴᠢᠯᠠᠯᠲᠠ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ | ᠬᠠᠮᠠᠭᠠᠯᠠᠯᠲᠠ ᠳᠤ ᠲᠣᠭᠠᠴᠢᠯᠠᠭᠰᠠᠨ ︽ᠵᠢᠭᠦᠷ︾ ᠤᠷᠭᠤᠭᠤᠯᠤᠭᠰᠠᠨ ᠪᠠᠶᠢᠨ᠎ᠠ᠃ ᠲᠤᠰ ᠬᠤᠰᠢᠭᠤ ᠪᠠᠰᠠ ︽ᠲᠠᠷᠢᠶᠠᠨ | ᠭᠠᠵᠠᠷ ᠤᠨ ᠳᠠᠷᠤᠭ᠎ᠠ ᠶᠢᠨ ᠳᠦᠷᠢᠮ︾ ᠢ ᠪᠠᠶᠢᠭᠤᠯᠵᠤ᠂ ᠣᠳᠣᠬᠠᠨ ᠳᠤ ᠬᠤᠰᠢᠭᠤ᠂ ᠰᠤᠮᠤ ᠰᠢᠶᠠᠩ ᠪᠠᠯᠭᠠᠰᠤ᠂ | ᠭᠠᠴᠠᠭ᠎ᠠ ᠲᠤᠰᠬᠤᠨ ᠭᠤᠷᠪᠠᠨ ᠱᠠᠲᠤᠨ ᠤ 221 ᠲᠠᠷᠢᠶᠠᠨ ᠭᠠᠵᠠᠷ ᠤᠨ ᠳᠠᠷᠤᠭ᠎ᠠ ᠲᠠᠢ ᠪᠠᠶᠢᠵᠤ᠂ ᠬᠠᠷᠢᠭᠤᠴᠠᠯᠭ᠎ᠠ | ᠲᠣᠳᠣᠷᠬᠠᠢ᠂ ᠳᠤᠰᠬᠠᠯ ᠲᠦᠷᠭᠡᠨ᠂ ᠬᠢᠨᠠᠯᠲᠠ ᠬᠠᠮᠢᠶᠠᠷᠤᠯᠲᠠ ᠬᠦᠴᠦᠲᠡᠢ ᠪᠠᠶᠢᠭᠠᠯᠢ ᠶᠢᠨ ᠡᠬᠢ ᠪᠠᠶᠠᠯᠢᠭ ᠤᠨ | ᠬᠠᠮᠠᠭᠠᠯᠠᠯᠲᠠ ᠶᠢᠨ ᠰᠢᠨ᠎ᠡ ᠲᠣᠭᠲᠠᠴᠠ ᠶᠢ ᠪᠠᠶᠢᠭᠤᠯᠪᠠ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠪᠦᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠰᠢᠰᠲ᠋ᠧᠮ ᠤᠨ ᠬᠢᠨ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠦᠪᠯᠡᠷᠡᠬᠦᠯᠵᠤ᠂ ︽ᠨᠢᠭᠡ ᠵᠢᠷᠤᠭ ᠲᠥᠰᠥᠪ ᠢ | ᠡᠴᠦᠰ ᠲᠤᠨᠢ ᠲᠤᠯᠲᠠᠯ᠎ᠠ ᠵᠢᠷᠤᠭᠯᠠᠬᠤ︾ ᠶᠢ ᠪᠠᠷᠢᠮᠲᠠᠯᠠᠨ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ︽ᠬᠤᠶᠠᠷ ᠢ ᠲᠡᠩᠴᠡᠭᠦᠷᠢᠳᠠᠢ ᠪᠠᠶᠢᠯᠭᠠᠵᠤ ᠨᠢᠭᠡ ᠶᠢ ᠦᠯᠦ | ᠬᠥᠳᠡᠯᠭᠡᠬᠦ︾ ᠳᠦᠷᠢᠮ ᠢ ᠴᠢᠩᠭ᠎ᠠ ᠬᠡᠷᠡᠭᠵᠢᠭᠦᠯᠤᠨ᠂ ᠬᠠᠷ᠎ᠠ ᠬᠥᠷᠥᠰᠥ ᠶᠢᠨ ᠬᠠᠮᠠᠭᠠᠯᠠᠯᠲᠠ ᠶᠢ ᠴᠢᠩᠭᠠᠳᠬᠠᠵᠤ᠂ | ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠨ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠨ ᠡᠵᠡᠮᠳᠡᠵᠤ᠂ ᠪᠦᠬᠦ ᠤᠷᠤᠨ ᠤ 1.72 ᠳ᠋ᠦᠩᠰᠢᠭᠤᠷ ᠮᠥ ᠲᠠᠷᠢᠶᠠᠨ ᠭᠠᠵᠠᠷ ᠢ ᠦᠨᠡᠨ ᠬᠦ ᠪᠠᠲᠤᠯᠠᠵᠤ | ᠪᠠᠶᠢᠨ᠎ᠠ᠃ | |