ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/28
1.gif
       ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠲᠦᠮᠵᠢᠲᠡᠢ ᠠᠬᠢᠭᠤᠯᠵᠤ᠂ ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠳᠤ ᠬᠦᠴᠦ ᠨᠡᠮᠡᠷᠢᠯᠡᠬᠦ ᠶᠢᠨ ᠲᠦᠯᠦᠭᠡ᠂ 7 ᠰᠠᠷ᠎ᠠ ᠶᠢᠨ 26  ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠠᠷᠢᠯᠴᠠᠬᠤ ᠬᠤᠷᠠᠯ ᠬᠤᠷᠠᠯᠳᠤᠭᠤᠯᠪᠠ᠂ ᠲᠢᠩᠬᠢᠮ ᠤᠨ ᠳᠡᠳ᠋ ᠳᠠᠷᠤᠭ᠎ᠠ ᠵᠤᠤ ᠢᠦᠢ ᠱᠧᠩ ᠬᠤᠷᠠᠯ ᠢ ᠡᠷᠬᠢᠯᠡᠬᠦ ᠶᠢᠨ ᠬᠠᠮᠲᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠠᠢ᠃ 
2.jpg
        ᠬᠤᠷᠠᠯ ᠠᠴᠠ ᠬᠡᠰᠡᠭ ᠠᠶᠢᠮᠠᠭ ᠬᠤᠲᠠ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ᠂ ᠲᠡᠵᠢᠭᠡᠨ ᠦᠷᠡᠵᠢᠭᠦᠯᠬᠦ ᠬᠤᠷᠰᠢᠶ᠎ᠠ ᠵᠢᠴᠢ ᠮᠠᠯᠴᠢᠨ ᠲᠠᠷᠢᠶᠠᠴᠢᠨ ᠤ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠶᠠᠷᠢᠯᠴᠠᠬᠤ ᠬᠤᠷᠠᠯ ᠬᠢᠵᠦ᠂ ᠪᠡᠯᠴᠢᠭᠡᠷᠯᠡᠭᠦᠯᠬᠦ ᠶᠢ ᠵᠣᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠬᠤ ᠶᠠᠪᠤᠴᠠ ᠳᠠᠬᠢ ᠰᠠᠶᠢᠨ ᠠᠷᠭ᠎ᠠ ᠬᠢᠳᠡᠯ ᠪᠣᠯᠣᠨ ᠲᠤᠷᠰᠢᠯᠭ᠎ᠠ ᠶᠢ ᠲᠠᠨᠢᠯᠴᠠᠭᠤᠯᠵᠤ᠂ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ᠂ ᠲᠡᠵᠢᠭᠡᠨ ᠦᠷᠡᠵᠢᠭᠦᠯᠬᠦ ᠮᠠᠰᠢᠨ ᠪᠠᠭᠠᠵᠢ ᠶᠢᠨ ᠴᠢᠳᠠᠪᠤᠷᠢ ᠶᠢ ᠢᠵᠢ ᠪᠦᠷᠢᠳᠦᠭᠦᠯᠬᠦ᠂ ᠲᠡᠵᠢᠭᠡᠯ ᠡᠪᠡᠰᠦ ᠪᠣᠷᠳᠤᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠵᠢᠴᠢ ᠮᠠᠯᠵᠢᠬᠤ ᠣᠷᠣᠨ ᠤ ᠪᠦᠬᠦ ᠠᠵᠤ ᠦᠢᠯᠡᠰ ᠢ ᠴᠣᠭᠴᠠᠯᠠᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ ᠰᠤᠳᠤᠯᠭᠠᠨ ᠤ ᠭᠠᠵᠠᠷ ᠵᠡᠷᠭᠡ ᠨᠢᠭᠡᠴᠢ ᠶᠢᠨ ᠭᠤᠷᠪᠠᠨ ᠲᠤᠰᠬᠠᠢ ᠮᠡᠷᠭᠡᠵᠢᠯᠲᠡᠨ ᠲᠣᠰ ᠲᠣᠰ ᠪᠠᠷᠢᠮᠵᠢᠶ᠎ᠠ ᠲᠣᠭᠲᠠᠭᠠᠬᠤ᠂ ᠰᠠᠶᠢᠨ ᠡᠭᠦᠯᠳᠡᠷ ᠢ ᠢᠵᠢ ᠪᠦᠷᠢᠳᠦᠭᠦᠯᠬᠦ᠂ ᠠᠵᠤ ᠦᠢᠯᠡᠰ ᠢ ᠠᠭᠤᠰᠤᠯᠴᠠᠭᠤᠯᠬᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠴᠢᠭᠯᠡᠭᠦᠯᠬᠦ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠪᠠ᠃ 
3.jpg
        ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠠᠶᠢᠮᠠᠭ ᠬᠤᠲᠠ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠴᠢᠬᠤᠯᠠ ᠠᠵᠠ ᠲᠣᠬᠢᠶᠠᠯᠳᠤ ᠬᠤᠭᠤᠴᠠᠭ᠎ᠠ ᠶᠢ ᠴᠢᠩᠭ᠎ᠠ ᠠᠳᠬᠤᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠮᠠᠯ ᠠᠵᠤ ᠠᠬᠤᠢ ᠶᠢᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠂ ᠮᠠᠯ ᠠᠵᠤ ᠠᠬᠤᠢ ᠶᠢᠨ ᠦᠢᠯᠡᠳᠪᠦᠷᠢᠯᠡᠯ᠂ ᠲᠠᠯ᠎ᠠ ᠨᠤᠲᠤᠭ ᠤᠨ ᠠᠮᠢ ᠠᠬᠤᠢ᠂ ᠮᠠᠯᠴᠢᠳ ᠤᠨ ᠠᠮᠢᠳᠤᠷᠠᠯ ᠤᠨ ︽ᠭᠤᠷᠪᠠᠨ ᠠᠮᠢ︾ ᠶᠢᠨ ᠬᠠᠮᠲᠤ ᠪᠠᠷ ᠠᠰᠢᠭ ᠭᠥᠷᠳᠡᠬᠦ ᠶᠢ ᠠᠬᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠴᠤ ᠲᠡᠵᠢᠭᠡᠬᠦ ᠶᠢ ᠬᠤᠷᠢᠭᠯᠠᠬᠤ ᠦᠭᠡᠢ᠂ ᠮᠠᠯ ᠤᠨᠤᠭ᠎ᠠ ᠶᠢ ᠴᠦᠭᠡᠴᠢᠯᠡᠭᠰᠡᠨ ᠴᠤ ᠮᠢᠬᠠᠨ ᠤ ᠭᠠᠷᠤᠯᠳᠠ ᠶᠢ ᠪᠠᠭᠤᠷᠠᠭᠤᠯᠬᠤ ᠦᠭᠡᠢ᠂ ᠮᠠᠯ ᠤᠨᠤᠭ᠎ᠠ ᠶᠢ ᠴᠦᠭᠡᠴᠢᠯᠡᠭᠰᠡᠨ ᠴᠤ ᠤᠷᠤᠯᠭ᠎ᠠ ᠶᠢ ᠪᠠᠭᠤᠷᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦ ᠨᠡᠮᠡᠷᠢᠯᠡᠬᠦ ᠬᠡᠷᠡᠭᠲᠡᠢ ᠭᠡᠪᠡ᠃      ᠬᠤᠷᠠᠯ ᠠᠴᠠ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠦᠷᠢᠯᠡᠵᠦ᠂ ᠠᠵᠢᠯ ᠤᠨ ᠠᠬᠢᠴᠠ ᠶᠢᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠦᠵᠡᠯ ᠰᠠᠨᠠᠭ᠎ᠠ ᠪᠠᠨ ᠬᠤᠪᠢᠷᠠᠭᠤᠯᠬᠤ ᠶᠠᠪᠤᠳᠠᠯ ᠢ ᠲᠠᠬᠢᠨ ᠲᠦᠷᠭᠡᠳᠬᠡᠬᠦ ᠬᠡᠷᠡᠭᠲᠡᠢ᠃ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠦᠨᠡᠨᠬᠦ ᠰᠠᠶᠢᠲᠤᠷ ᠬᠢᠵᠦ᠂ ᠮᠠᠯᠴᠢᠨ ᠲᠠᠷᠢᠶᠠᠴᠢᠳ ᠤᠨ ᠲᠠᠯ᠎ᠠ ᠨᠤᠲᠤᠭ ᠢᠶᠠᠨ ᠬᠠᠮᠠᠭᠠᠯᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠳᠤᠲᠠᠭᠤ ᠲᠡᠵᠢᠭᠡᠵᠦ ᠨᠠᠷᠢᠯᠢᠭ ᠠᠷᠠᠴᠢᠯᠠᠬᠤ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠪᠠᠶᠢᠭᠠᠯᠢ ᠶᠢᠨ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠲᠠᠯ᠎ᠠ ᠨᠤᠲᠤᠭ ᠤᠨ ᠮᠠᠯ ᠠᠵᠤ ᠠᠬᠤᠢ ᠶᠢᠨ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠵᠤ᠂ ᠢᠯᠡᠭᠦᠦ ᠲᠡᠵᠢᠭᠡᠵᠦ ᠢᠯᠡᠭᠦᠦ ᠬᠤᠷᠢᠶᠠᠬᠤ᠂ ᠢᠯᠡᠭᠦᠦ ᠮᠠᠯᠵᠢᠵᠤ ᠢᠯᠡᠭᠦᠦ ᠬᠤᠷᠢᠶᠠᠬᠤ ᠦᠵᠡᠯ ᠰᠠᠨᠠᠭᠠᠨ ᠤ ᠪᠠᠬᠢᠯᠡᠯᠲᠡ ᠶᠢ ᠡᠪᠳᠡᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠲᠠᠯ᠎ᠠ ᠪᠠᠷ ᠲᠠᠬᠢᠨ ᠬᠦᠴᠦ ᠨᠡᠮᠡᠬᠦ ᠬᠡᠷᠡᠭᠲᠡᠢ᠃ ᠲᠠᠯ᠎ᠠ ᠨᠤᠲᠤᠭ ᠲᠤ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠮᠠᠯ ᠬᠠᠷᠢᠭᠤᠯᠬᠤ ᠲᠤᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ᠃ ᠴᠢᠨᠠᠷ ᠰᠠᠶᠢᠲᠠᠢ ᠬᠥᠮᠥᠨ ᠤ ᠬᠦᠴᠦ ᠪᠠᠷ ᠲᠡᠵᠢᠭᠡᠯ ᠡᠪᠡᠰᠦ ᠪᠣᠷᠳᠤᠭ᠎ᠠ ᠳᠠᠷᠢᠬᠤ ᠶᠢ ᠶᠡᠬᠡᠪᠡᠷ ᠳᠡᠮᠵᠢᠵᠦ᠂ ᠲᠡᠵᠢᠭᠡᠯ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢᠨ ᠴᠢᠳᠠᠪᠤᠷᠢ ᠶᠢ ᠪᠦᠲᠦᠮᠵᠢᠲᠡᠶ ᠦᠷᠭᠡᠳᠭᠡᠬᠦ ᠬᠡᠷᠡᠭᠲᠡᠢ᠃ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠵᠡᠷᠭᠡ ᠵᠦᠢᠯᠡᠰ ᠢ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠢ᠃ ᠬᠤᠷᠴᠢᠨ ᠤ ᠡᠯᠡᠰᠦᠷᠬᠡᠭ ᠭᠠᠵᠠᠷ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠵᠡᠷᠭᠡ ᠠᠮᠢ ᠠᠬᠤᠢ ᠶᠢᠨ ᠬᠡᠪᠡᠷᠡᠭ ᠣᠷᠣᠨ ᠪᠦᠰᠡ ᠨᠢ ᠥᠨᠳᠥᠷ ᠦᠷ᠎ᠡ ᠪᠦᠲᠦᠮᠵᠢᠲᠡᠶ ᠪᠠᠷ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠠᠭᠤᠰᠤᠯᠴᠠᠯ ᠤᠨ ᠲᠠᠯ᠎ᠠ ᠪᠠᠷ ᠲᠠᠬᠢᠨ ᠴᠢᠩᠭᠠᠳᠬᠠᠬᠤ ᠬᠡᠷᠡᠭᠲᠡᠢ᠃ ᠣᠲᠣ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠯᠠᠰᠢᠨ ᠦᠬᠡᠷ ᠠᠯᠠᠰᠢᠨ ᠬᠤᠨᠢᠨ ᠤ ᠣᠨᠴᠠᠯᠢᠭᠲᠤ ᠵᠢᠵᠢᠭ ᠪᠠᠯᠭᠠᠰᠤ ᠶᠢ ᠪᠣᠶ ᠪᠣᠯᠭᠠᠨ ᠪᠣᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ ᠴᠢᠩᠭᠠᠳᠬᠠᠬᠤ᠂ ᠬᠡᠯᠬᠢᠶᠡᠵᠢᠯ ᠢ ᠨᠥᠬᠦᠪᠦᠷᠢᠯᠡᠬᠦ ᠶᠢ ᠲᠦᠷᠭᠡᠳᠬᠡᠨ᠂ ᠦᠢᠯᠡᠳᠪᠦᠷᠢᠯᠡᠬᠦ ᠬᠠᠩᠭᠠᠬᠤ ᠬᠠᠳᠠᠭᠠᠯᠠᠬᠤ ᠨᠡᠮᠡᠬᠦ ᠪᠣᠷᠣᠯᠠᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠠᠵᠤ ᠦᠢᠯᠡᠰ ᠤᠨ ᠬᠡᠯᠬᠢᠶ᠎ᠡ ᠶᠢᠨ ᠳᠤᠮᠳᠠ ᠳᠡᠭᠡᠳᠦ ᠤᠷᠤᠰᠬᠠᠯ ᠲᠡᠶᠢᠰᠢ ᠰᠢᠯᠵᠢᠭᠦᠯᠵᠦ᠂ ᠮᠠᠯᠴᠢᠨ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠪᠥᠬᠦ ᠲᠠᠯ᠎ᠠ ᠪᠠᠷ ᠦᠷᠭᠡᠳᠭᠡᠬᠦ ᠬᠡᠷᠡᠭᠲᠡᠢ᠃ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠠᠪᠤᠳᠠᠯ ᠢ ᠤᠯᠠᠮ ᠴᠢᠩᠭᠠᠳᠬᠠᠬᠤ ᠬᠡᠷᠡᠭᠲᠡᠢ᠃ ᠰᠢᠯᠢᠳᠡᠭ ᠮᠠᠯ ᠤᠨ ᠡᠭᠦᠯᠳᠡᠷ ᠢ ᠪᠣᠶᠢᠵᠢᠭᠤᠯᠤᠨ ᠳᠡᠯᠭᠡᠷᠡᠭᠦᠯᠬᠦ ᠶᠢ ᠲᠦᠷᠭᠡᠳᠬᠡᠵᠦ᠂ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ᠂ ᠡᠰᠢ ᠰᠦᠷᠡᠯ ᠢ ᠤᠯᠠᠷᠢᠭᠤᠯᠤᠨ ᠠᠰᠢᠭᠯᠠᠬᠤ ᠶᠢ ᠴᠢᠩᠭᠠᠳᠬᠠᠵᠤ᠂ ᠲᠣᠭᠠᠴᠢᠯᠠᠭᠰᠠᠨ ᠬᠠᠮᠢᠶᠠᠷᠤᠯᠲᠠ᠂ ᠣᠶᠤᠨᠴᠢᠯᠠᠭᠰᠠᠨ ᠲᠡᠵᠢᠭᠡᠨ ᠦᠷᠡᠵᠢᠭᠦᠯᠬᠦ ᠵᠡᠷᠭᠡ ᠮᠡᠷᠭᠡᠵᠢᠯ ᠤᠨ ᠰᠢᠨ᠎ᠡ ᠶᠢ ᠡᠭᠦᠳᠦᠨ ᠬᠡᠷᠡᠭᠯᠡᠬᠦ ᠶᠢ ᠲᠦᠷᠭᠡᠳᠬᠡᠨ ᠰᠦᠪᠡᠭᠴᠢᠯᠡᠵᠦ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠪᠦᠳᠦᠭᠦᠯᠢᠭ ᠳᠤᠲᠠᠭᠤᠳᠠᠯ ᠢ ᠨᠥᠬᠦᠪᠦᠷᠢᠯᠡᠵᠦ᠂ ᠲᠠᠯ᠎ᠠ ᠨᠤᠲᠤᠭ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号