| | 7 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠤᠨ ᠬᠤᠶᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ | ᠬᠤᠷᠠᠯ ᠢ ᠡᠷᠭᠢᠯᠡᠨ ᠬᠤᠷᠠᠯᠳᠤᠭᠤᠯᠵᠤ᠂ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢᠶᠠᠨ ᠰᠣᠯᠢᠯᠴᠠᠵᠤ᠂ ᠬᠠᠷᠢᠯᠴᠠᠨ | ᠰᠤᠷᠤᠯᠴᠠᠨ ᠯᠠᠪᠯᠠᠯᠲᠠ ᠪᠣᠯᠭᠠᠵᠤ᠂ ᠬᠠᠮᠲᠤ ᠪᠠᠷ ᠰᠤᠳᠠᠯ ᠪᠠᠷᠢᠵᠤ ᠬᠠᠮᠲᠤᠷᠠᠨ ᠣᠨᠣᠰᠢᠯᠠᠵᠤ᠂ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠴᠢᠩᠭᠠᠳᠬᠠᠨ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠪᠠ᠃ ᠬᠤᠷᠠᠯ ᠠᠴᠠ ︽ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ ᠦᠯᠢᠭᠡᠷ︾ ᠢ ᠤᠯᠠᠮᠵᠢᠯᠠᠨ | ᠰᠤᠷᠤᠯᠴᠠᠵᠤ᠂ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠭᠦᠨ ᠪᠣᠯᠣᠨ 3 ᠭᠠᠵᠠᠷ ᠠᠯᠪᠠᠨ ᠭᠡᠷ ᠤᠨ ᠬᠢᠨ | ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠣᠯᠣᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠵᠢᠢ ᠴᠢᠶᠠᠩ ᠪᠣᠯᠣᠨ ᠵᠠᠩ | ᠴᠦᠨ ᠫᠢᠩ ᠨᠥᠬᠦᠷ ᠬᠤᠷᠠᠯ ᠳᠤ ᠣᠷᠣᠯᠴᠠᠪᠠ᠃ ᠲᠢᠩᠬᠢᠮ ᠤᠨ ᠰᠢᠰᠲ᠋ᠧᠮ ᠤᠨ ᠡᠯ᠎ᠡ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠷᠠᠯ ᠳᠤ ᠣᠷᠣᠯᠴᠠᠪᠠ᠃ | | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ | ᠳᠣᠯᠣᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠵᠢᠯᠣᠭᠤᠳᠤᠯᠭ᠎ᠠ ᠳᠣᠣᠷ᠎ᠠ᠂ ᠲᠢᠩᠬᠢᠮ ᠤᠨ ᠰᠢᠰᠲ᠋ᠧᠮ ᠤᠨ | ᠬᠢᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠪᠠᠶᠢᠴᠠᠭᠠᠨ ᠰᠤᠳᠤᠯᠬᠤ ᠲᠥᠯᠥᠪᠯᠡᠭᠡ ᠶᠢ ᠵᠣᠬᠢᠰᠲᠠᠢ | ᠲᠣᠭᠲᠠᠭᠠᠵᠤ᠂ 58 ᠵᠦᠢᠯ ᠤᠨ ᠪᠠᠶᠢᠴᠠᠭᠠᠨ ᠰᠤᠳᠤᠯᠬᠤ ᠰᠡᠳᠦᠪ ᠢ ᠲᠣᠭᠲᠠᠭᠠᠵᠤ᠂ ᠰᠡᠳᠦᠪ ᠳᠠᠭᠠᠭᠤᠯᠬᠤ | ᠤᠳᠤᠷᠢᠳᠤᠯᠭ᠎ᠠ ᠪᠣᠯᠣᠨ ᠪᠠᠶᠢᠭᠤᠯᠤᠯᠭ᠎ᠠ ᠨᠢᠭᠡᠴᠢ ᠶᠢᠨ ᠬᠢᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠰᠢᠭᠤᠳ | ᠨᠢᠭᠡᠳᠦᠭᠡᠷ ᠹᠷᠣᠨᠲ ᠲᠤ ᠣᠷᠣᠵᠤ᠂ ᠦᠨᠡᠨᠬᠦ ᠠᠰᠠᠭᠤᠳᠠᠯ ᠢ ᠡᠷᠢᠬᠦ᠂ ᠠᠰᠠᠭᠤᠳᠠᠯ ᠤᠨ ᠦᠨᠡᠨ ᠢ ᠡᠷᠢᠬᠦ ᠶᠢ ᠪᠠᠷᠢᠮᠲᠠᠯᠠᠵᠤ᠂ | ᠪᠠᠶᠢᠴᠠᠭᠠᠨ ᠰᠤᠳᠤᠯᠤᠯᠲᠠ ᠪᠠᠷ ᠢᠯᠡᠷᠡᠭᠦᠯᠦᠭᠰᠡᠨ ᠪᠣᠳᠠᠲᠠᠢ ᠠᠰᠠᠭᠤᠳᠠᠯ ᠳᠤ ᠴᠢᠭᠯᠡᠭᠦᠯᠦᠨ ︽ᠨᠠᠷᠢᠨ ᠳᠠᠩᠰᠠ ᠶᠢᠨ | ᠬᠡᠯᠪᠡᠷᠢ︾ ᠪᠠᠷ ᠰᠢᠢᠳᠪᠦᠷᠢᠯᠡᠬᠦ ᠶᠢ ᠠᠬᠢᠭᠤᠯᠵᠤ᠂ ᠱᠠᠲᠤᠴᠢ ᠴᠢᠨᠠᠷᠲᠠᠢ ᠪᠠᠶᠢᠴᠠᠭᠠᠨ ᠰᠤᠳᠤᠯᠤᠯᠲᠠ ᠶᠢᠨ ᠦᠷ᠎ᠡ | ᠪᠦᠲᠦᠭᠡᠯ ᠢ ᠪᠤᠢ ᠪᠣᠯᠭᠠᠵᠤ᠂ ᠡᠪᠡᠳᠴᠢᠨ ᠳᠤᠨᠢ ᠲᠠᠭᠠᠷᠠᠭᠤᠯᠤᠨ ᠡᠮ ᠥᠭᠬᠦ᠂ ᠰᠤᠳᠠᠯ ᠢ ᠠᠳᠬᠤᠨ ᠵᠣᠷ ᠭᠠᠷᠭᠠᠬᠤ ᠳᠤ | ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠤᠷᠤᠯᠴᠠᠯᠭ᠎ᠠ ᠶᠢ | ᠭᠦᠨᠵᠡᠭᠡᠶᠢᠷᠡᠭᠦᠯᠬᠦ᠂ ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠭᠡᠯ ᠢ ᠬᠤᠪᠢᠷᠠᠭᠤᠯᠬᠤ ᠳᠡᠭᠡᠷ᠎ᠡ ᠬᠦᠴᠦ ᠲᠠᠯᠪᠢᠵᠤ᠂ | ᠪᠠᠶᠢᠴᠠᠭᠠᠨ ᠰᠤᠳᠤᠯᠤᠯᠲᠠ ᠶᠢᠨ ︽ᠰᠡᠭᠦᠯᠴᠢ ᠶᠢᠨ ᠬᠠᠭᠠᠰ ᠵᠣᠬᠢᠶᠠᠯ︾ ᠢ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ ᠭᠡᠪᠡ᠃ | ᠵᠢᠢ ᠴᠢᠶᠠᠩ ᠱᠠᠭᠠᠷᠳᠠᠭᠰᠠᠨ ᠨᠢ᠂ ᠭᠤᠣᠯ ᠰᠡᠳᠦᠪᠲᠦ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠲᠣᠭᠲᠠᠭᠰᠠᠨ ᠬᠠᠷᠠᠯᠲᠠ ᠪᠠᠨ ᠰᠠᠶᠢᠲᠤᠷ ᠪᠡᠶᠡᠯᠡᠭᠦᠯᠬᠦ ᠶᠢᠨ ᠲᠥᠯᠥᠭᠡ᠂ ᠶᠡᠷᠦᠩᠬᠡᠢ | ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠤᠨ | ᠡᠷᠡᠭᠦᠯ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠤᠨᠤᠯ ᠢᠶᠠᠷ ᠵᠡᠪᠰᠡᠭᠯᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠰᠤᠷᠤᠯᠴᠠᠬᠤ︾ ᠬᠢᠴᠢᠶᠡᠯ ᠢᠶᠠᠨ ᠢᠮᠠᠭᠲᠠ ᠲᠤᠭᠤᠰᠢᠯᠠᠭᠤᠯᠵᠤ ᠴᠥᠬᠦᠷᠡᠰᠢ | ᠦᠭᠡᠢ ᠰᠠᠶᠢᠲᠤᠷ ᠬᠢᠵᠦ᠂ ᠤᠭ ᠵᠣᠬᠢᠶᠠᠯ ᠢ ᠤᠩᠰᠢᠵᠤ᠂ ᠤᠭ ᠪᠦᠳᠦᠭᠡᠯ ᠢ ᠰᠤᠷᠤᠯᠴᠠᠵᠤ᠂ ᠤᠭ ᠶᠣᠰᠣ ᠶᠢ ᠨᠢ | ᠣᠶᠢᠯᠠᠭᠠᠬᠤ ᠶᠢ ᠪᠠᠷᠢᠮᠲᠠᠯᠠᠵᠤ᠂ ᠦᠨᠡᠨᠬᠦ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠪᠡᠶᠡᠯᠡᠭᠦᠯᠬᠦ ᠬᠡᠷᠡᠭᠲᠡᠢ᠃ | ᠭᠤᠣᠯ ᠰᠡᠳᠦᠪᠲᠦ ᠬᠥᠮᠦᠵᠢᠯ ᠢᠶᠠᠷ ᠠᠰᠠᠭᠤᠳᠠᠯ ᠢ ᠰᠢᠢᠳᠪᠦᠷᠢᠯᠡᠬᠦ᠂ ᠠᠵᠢᠯ ᠶᠠᠪᠤᠳᠠᠯ ᠦᠷ᠎ᠡ ᠪᠦᠲᠦᠮᠵᠢ ᠣᠯᠬᠤ ᠶᠢ | ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠲᠠᠷᠠᠭᠠᠴᠢ ᠶᠢᠨ ᠠᠯᠬᠤᠮ ᠤᠨ ᠠᠵᠢᠯ ᠢᠶᠠᠨ ᠤᠷᠢᠳᠴᠢᠯᠠᠨ | ᠲᠥᠯᠥᠪᠵᠢᠭᠦᠯᠵᠦ᠂ ᠲᠣᠭᠲᠠᠭᠰᠠᠨ ᠬᠥᠳᠡᠯᠭᠡᠭᠡᠨ ᠢᠶᠠᠨ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠤᠯᠤᠰ | ᠲᠥᠷᠥ ᠶᠢᠨ ᠬᠠᠷᠢᠭᠤᠴᠠᠯᠭ᠎ᠠ ᠶᠢᠨ ᠲᠠᠩᠰᠠ ᠶᠢ ᠦᠨᠡᠨ ᠬᠦ ᠰᠠᠶᠢᠲᠤᠷ ᠲᠤᠰᠢᠶᠠᠬᠤ ᠬᠡᠷᠡᠭᠲᠡᠢ ᠭᠡᠪᠡ᠃ | ᠭᠦᠸᠧ ᠵᠠᠨ ᠵᠢᠶᠠᠩ᠂ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠨ ᠲᠠᠷᠢᠶᠠᠯᠠᠩ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠭᠤᠯᠭᠠᠭᠰᠠᠨ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ ᠡᠩᠨᠡᠭᠡ ᠶᠢ | ᠪᠦᠬᠦ ᠲᠠᠯ᠎ᠠ ᠪᠠᠷ ᠪᠠᠶᠢᠭᠤᠯᠵᠤ᠂ ᠦᠵᠡᠯᠲᠡ ᠪᠠᠨ ᠬᠤᠪᠢᠷᠠᠭᠤᠯᠤᠨ ᠰᠤᠷᠲᠠᠯ ᠢ ᠠᠳᠬᠤᠵᠤ᠂ ᠳᠦᠷᠢᠮ ᠤᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ | ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ | ᠳᠤᠨᠢ ᠥᠭᠡᠷᠡᠴᠢᠯᠡᠵᠦ᠂ ᠳᠤᠲᠠᠭᠤᠳᠠᠯ ᠢᠶᠠᠨ ᠨᠥᠬᠦᠪᠦᠷᠢᠯᠡᠬᠦ ᠬᠡᠷᠡᠭᠲᠡᠢ᠃ ᠠᠵᠢᠯ ᠢᠶᠠᠨ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠵᠤ᠂ ᠤᠷᠳᠤ | ᠬᠤᠭᠤᠴᠠᠭᠠᠨ ᠤ ᠪᠦᠲᠦᠮᠵᠢᠲᠡᠢ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |