ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 7 ᠰᠠᠯᠠᠭ᠎ᠠ | ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ︽︿ᠬᠡᠯᠬᠢᠶᠡᠨ ᠤ ᠡᠵᠡᠨ﹀ ᠠᠵᠤ ᠠᠬᠤᠶᠢᠯᠠᠯ ᠤᠨ ᠳᠠᠶᠢᠴᠢᠯᠠᠬᠤ | ᠦᠢᠯᠡᠳᠦᠯ ᠢ ᠪᠠᠳᠠᠷᠠᠭᠤᠯᠵᠤ ᠠᠵᠤ ᠦᠢᠯᠡᠰ ᠤᠨ ᠪᠥᠭᠡᠮᠨᠡᠷᠡᠯ ᠤᠨ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ︵ᠥᠪᠥᠷ | ᠬᠥᠭᠵᠢᠭᠦᠯᠦᠯᠲᠡ ᠥᠭᠡᠷᠡᠴᠢᠯᠡᠯᠲᠡ ᠠᠵᠤ ᠦᠢᠯᠡᠰ ᠥᠰᠥᠭ ﹇2023﹈ 612 ᠳ᠋ᠤᠭᠠᠷ ᠲᠣᠭᠠᠲᠤ︶ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠠᠴᠠ ᠡᠷᠳᠡᠨᠢ ᠰᠢᠰᠢ᠂ ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ︽ᠬᠡᠯᠬᠢᠶᠡᠨ ᠤ ᠡᠵᠡᠨ︾ ᠠᠵᠤ | ᠠᠬᠤᠶᠢᠯᠠᠯ ᠢ ᠰᠢᠯᠢᠨ ᠰᠣᠩᠭᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ | ᠭᠤᠶᠤᠴᠢᠯᠠᠨ ᠮᠡᠳᠡᠭᠦᠯᠦᠯᠲᠡ᠂ ᠠᠶᠢᠮᠠᠭ ᠬᠤᠲᠠ ᠶᠢᠨ ᠲᠠᠨᠢᠯᠴᠠᠭᠤᠯᠭ᠎ᠠ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠯᠲᠠ᠂ | ︽ᠬᠡᠯᠬᠢᠶᠡᠨ ᠤ ᠳᠠᠷᠤᠭ᠎ᠠ︾ ᠶᠢᠨ ᠬᠢᠨᠠᠨ ᠲᠣᠭᠲᠠᠭᠠᠯᠲᠠ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠬᠥᠯᠥᠨ ᠪᠤᠶᠢᠷ ᠤᠨ | ᠵᠡᠭᠦᠨ ᠬᠤᠶᠢᠲᠤ ᠶᠢᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ | ᠺᠣᠮᠫᠠᠨᠢ ᠵᠡᠷᠭᠡ ᠡᠷᠳᠡᠨᠢ ᠰᠢᠰᠢ ᠶᠢᠨ︽ᠬᠡᠯᠬᠢᠶᠡᠨ ᠤ ᠡᠵᠡᠨ︾ ᠪᠤᠯᠬᠤ 6 ᠠᠵᠤ ᠠᠬᠤᠶᠢᠯᠠᠯ ᠪᠠ ᠥᠪᠥᠷ ᠮᠣᠩᠭᠤᠯ ᠤᠨ | ᠱᠤ᠋ ᠳ᠋ᠦ᠋ ᠺᠠᠢ ᠳ᠋ᠠ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠲᠥᠮᠥᠰᠥᠨ ᠤ ︽ᠬᠡᠯᠬᠢᠶᠡᠨ ᠤ ᠡᠵᠡᠨ︾ ᠪᠤᠯᠬᠤ 5 | ᠠᠵᠤ ᠠᠬᠤᠶᠢᠯᠠᠯ ᠢ ᠢᠯᠡ ᠨᠡᠶᠢᠲᠡᠯᠡᠬᠦ ᠪᠠᠷ ᠲᠣᠭᠲᠠᠪᠠ᠃ ᠢᠯᠡ ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ | ︵7 ᠰᠠᠷ᠎ᠠ ᠶᠢᠨ 28 ᠤ ᠡᠳᠦᠷ ᠠᠴᠠ 8 ᠰᠠᠷ᠎ᠠ ᠶᠢᠨ 7 ᠤ ᠡᠳᠦᠷ ᠪᠣᠯᠲᠠᠯ᠎ᠠ︶ ᠪᠣᠯᠣᠨ᠎ᠠ᠂ ᠬᠡᠷᠪᠡ ᠣᠨᠳᠣᠣ ᠰᠠᠨᠠᠯ ᠲᠠᠢ | ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠳᠤ ᠳᠤᠰᠬᠠᠭᠠᠷᠠᠢ᠃ | ᠬᠠᠷᠢᠯᠴᠠᠬᠤ ᠤᠲᠠᠰᠤ᠄ 0471-6622740 | | ᠳᠠᠭᠠᠯᠳᠤᠭᠤᠯᠤᠯ᠄ ᠡᠷᠳᠡᠨᠢ ᠰᠢᠰᠢ᠂ ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ︽ᠬᠡᠯᠬᠢᠶᠡᠨ ᠤ ᠡᠵᠡᠨ︾ | ᠠᠵᠤ ᠠᠬᠤᠶᠢᠯᠠᠯ ᠢ ᠲᠣᠭᠲᠠᠭᠠᠬᠤ ᠪᠠᠷ ᠪᠠᠶᠢᠭ᠎ᠠ ᠨᠡᠷᠡᠰ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2023 ᠣᠨ ᠤ 7 ᠰᠠᠷ᠎ᠠ ᠶᠢᠨ 28 ᠤ ᠡᠳᠦᠷ |