ᠬᠤᠯᠪᠣᠭᠳᠠᠯ ᠪᠦᠬᠦᠢ ᠪᠠᠶᠢᠴᠠᠭᠠᠨ ᠰᠢᠯᠭᠠᠬᠤ ᠪᠠᠶᠢᠭᠤᠯᠤᠮᠵᠢ ᠤᠨ ᠲᠤᠬᠠᠢ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠶᠤᠯ ᠦᠭᠡᠢ ᠶᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ︵ᠳᠣᠷᠣᠭᠰᠢ ︽ᠪᠠᠶᠢᠴᠠᠭᠠᠨ | ᠬᠡᠮᠵᠢᠬᠦ ᠪᠠᠶᠢᠭᠤᠯᠤᠮᠵᠢ︾ ᠭᠡᠵᠦ ᠲᠣᠪᠴᠢᠯᠠᠨ᠎ᠠ︶ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ | ᠠᠵᠢᠯᠯᠠᠬᠤ ᠶᠢ ᠠᠬᠢᠭᠤᠯᠵᠤ᠂ ᠲᠡᠭᠦᠨ ᠤ ᠵᠢᠷᠤᠮᠵᠢᠯ ᠲᠠᠢ᠂ ᠦᠨᠡᠨᠴᠢ ᠢᠲᠡᠭᠡᠮᠵᠢᠲᠡᠢ᠂ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠶᠢᠨ ᠲᠦᠯᠦᠭᠡ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾᠂ ︽ᠬᠤᠶᠠᠷ ᠢ ᠲᠠᠰᠢᠷᠠᠮ ᠳᠠᠭᠠᠤ ᠬᠢᠬᠦ᠂ | ᠨᠢᠭᠡ ᠶᠢ ᠢᠯᠡ ᠪᠣᠯᠭᠠᠬᠤ︾ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ︽ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠰᠢᠯᠭᠠᠨ ᠬᠢᠨᠠᠬᠤ ᠠᠷᠭ᠎ᠠ︾ ᠵᠡᠷᠭᠡ ᠲᠣᠭᠲᠠᠭᠠᠯ ᠢ | ᠦᠨᠳᠦᠰᠦᠯᠡᠨ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ 2023 ᠣᠨ ᠤ 4 ᠳ᠋ᠦ᠋ᠭᠡᠷ ᠰᠠᠷ᠎ᠠ ᠠᠴᠠ 5 ᠳ᠋ᠤᠭᠠᠷ | ᠰᠠᠷ᠎ᠠ ᠶᠢᠨ ᠬᠤᠭᠤᠷᠣᠨᠳᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ | ᠰᠢᠯᠭᠠᠬᠤ ᠪᠠᠶᠢᠭᠤᠯᠤᠮᠵᠢ ᠶᠢᠨ ᠭᠡᠨᠡᠳᠡᠭᠦᠯᠦᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠦᠨᠳᠦᠰᠦᠨ ᠪᠠᠶᠢᠳᠠᠯ | ᠲᠣᠰ ᠤᠳᠠᠭᠠᠨ ᠤ ᠭᠡᠨᠡᠳᠡᠭᠦᠯᠦᠨ ᠪᠠᠶᠢᠴᠠᠭᠠᠯᠲᠠ ᠳᠤ ᠤᠷᠢᠳᠴᠢᠯᠠᠨ ᠮᠡᠳᠡᠭᠳᠡᠬᠦ ᠦᠭᠡᠢ᠂ ᠰᠢᠭᠤᠳ | ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠡᠯᠪᠡᠷᠢ ᠶᠢ ᠠᠪᠴᠤ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠵᠢᠴᠢ | ᠬᠢᠨᠠᠨ ᠲᠣᠭᠲᠠᠭᠠᠭᠴᠢ ᠶᠢ ᠵᠣᠬᠢᠶᠠᠨ ᠪᠠᠶᠢᠭᠤᠯᠵᠤ ᠪᠠᠶᠢᠴᠠᠭᠠᠨ ᠰᠢᠯᠭᠠᠵᠤ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠬᠦ᠂ | ᠬᠠᠮᠢᠶᠠᠷᠤᠯᠲᠠ ᠶᠢᠨ ᠰᠢᠰᠲ᠋ᠧᠮ᠂ ᠮᠡᠳᠡᠭᠦᠯᠦᠯᠲᠡ ᠶᠢᠨ ᠲᠡᠮᠳᠡᠭᠯᠡᠯ᠂ ᠠᠵᠢᠯᠲᠠᠨ ᠤ ᠬᠠᠮᠢᠶᠠᠷᠤᠯᠲᠠ᠂ ᠲᠥᠬᠦᠭᠡᠷᠦᠮᠵᠢ ᠶᠢᠨ | ᠣᠷᠴᠢᠨ ᠲᠣᠭᠤᠷᠢᠨ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠪᠠᠷ 2022 ᠣᠨ ᠤ ᠴᠢᠳᠠᠪᠤᠷᠢ ᠶᠢᠨ | ᠰᠢᠯᠭᠠᠨ ᠪᠠᠲᠤᠯᠠᠯᠲᠠ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ 26 ᠪᠠᠶᠢᠴᠠᠭᠠᠨ ᠰᠢᠯᠭᠠᠬᠤ | ᠪᠠᠶᠢᠭᠤᠯᠤᠮᠵᠢ ᠶᠢ ᠪᠠᠶᠢᠴᠠᠭᠠᠪᠠ᠃ | ᠬᠤᠶᠠᠷ᠂ ᠪᠠᠶᠢᠴᠠᠭᠠᠭᠰᠠᠨ ᠦᠷ᠎ᠡ ᠳ᠋ᠦᠩ | 26 ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠳᠣᠲᠣᠷᠠᠬᠢ 14 ᠨᠢ ᠦᠨᠳᠦᠰᠦᠨ ᠳᠡᠭᠡᠨ ᠪᠠᠶᠢᠴᠠᠭᠠᠬᠤ | ᠵᠦᠢᠯ ᠵᠤᠷᠪᠤᠰ ᠲᠤ ᠨᠡᠶᠢᠴᠡᠵᠦ᠂ 12 ᠨᠢ ᠴᠡᠭᠴᠡᠯᠡᠨ ᠥᠭᠡᠷᠡᠴᠢᠯᠡᠬᠦ ᠴᠢᠬᠤᠯᠠᠲᠠᠢ ᠪᠠᠶᠢᠨ᠎ᠠ᠃ ︽ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠬᠢᠨᠠᠨ ᠰᠢᠯᠭᠠᠬᠤ | ᠠᠷᠭ᠎ᠠ︾ ︵ᠲᠠᠷᠢᠶᠠᠯᠠᠩ ᠤᠨ ᠶᠠᠮᠤᠨ ᠤ ᠵᠠᠷᠯᠢᠭ 2017 ᠣᠨ ᠤ 8 ᠳ᠋ᠤᠭᠠᠷ ᠲᠣᠭᠠᠲᠤ ᠵᠠᠰᠠᠪᠤᠷᠢ ᠣᠷᠣᠭᠤᠯᠪᠠ︶ ᠶᠢᠨ | ᠬᠤᠯᠪᠣᠭᠳᠠᠯ ᠪᠦᠬᠦᠢ ᠵᠦᠢᠯ ᠪᠠᠳᠠᠭ ᠢ ᠦᠨᠳᠦᠰᠦᠯᠡᠨ᠂ ᠳᠣᠣᠷᠠᠬᠢ ᠮᠡᠲᠦ ᠰᠢᠢᠳᠪᠦᠷᠢᠯᠡᠬᠦ ᠰᠠᠨᠠᠯ ᠢ ᠭᠠᠷᠭᠠᠪᠠ᠃ | ︵ᠨᠢᠭᠡ︶ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠᠶᠢᠳᠠᠯ ᠢ ᠪᠠᠶᠢᠴᠠᠭᠠᠨ | ᠰᠢᠯᠭᠠᠬᠤ ᠪᠠᠶᠢᠭᠤᠯᠤᠮᠵᠢ ᠶᠢᠨ ᠬᠢᠨᠠᠨ ᠰᠢᠯᠭᠠᠬᠤ ᠠᠷᠭ᠎ᠠ︾ ᠶᠢᠨ ᠬᠤᠷᠢ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠢ | ᠦᠨᠳᠦᠰᠦᠯᠡᠪᠡᠯ᠂ ᠥᠪᠥᠷ ᠮᠣᠩᠭᠤᠯ ᠤᠨ ᠤᠯᠤᠰ ᠤᠨ ᠰᠢᠨᠵᠢᠯᠡᠬᠦ ᠤᠬᠠᠭᠠᠨ ᠤ ᠪᠠᠶᠢᠴᠠᠭᠠᠨ ᠰᠢᠯᠭᠠᠬᠤ ᠮᠡᠷᠭᠡᠵᠢᠯ ᠤᠨ | ᠬᠢᠵᠠᠭᠠᠷᠲᠤ ᠺᠣᠮᠫᠠᠨᠢ ᠶᠢ ᠵᠠᠷᠯᠢᠭᠳᠠᠵᠤ᠂ ᠭᠦᠶᠠᠩ ᠰᠢᠶᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ ᠥᠪᠥᠷ ᠮᠣᠩᠭᠤᠯ ᠤᠨ ᠵᠥᠩ ᠫᠦ᠋ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ ᠬᠢᠵᠠᠭᠠᠷᠲᠤ ᠺᠣᠮᠫᠠᠨᠢ᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ | ᠲᠠᠶᠢᠫᠤᠰᠧ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ | ᠰᠢᠯᠭᠠᠵᠤ ᠪᠠᠶᠢᠴᠠᠭᠠᠨ ᠬᠡᠮᠵᠢᠬᠦ ᠥᠷᠲᠡᠭᠡ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ ᠬᠡᠮᠵᠢᠬᠦ | ᠲᠥᠪ ᠵᠡᠷᠭᠡ 6 ᠪᠠᠶᠢᠭᠤᠯᠤᠮᠵᠢ ᠠᠯᠪᠠᠨ ᠪᠢᠴᠢᠭ ᠲᠠᠷᠬᠠᠭᠠᠭᠰᠠᠨ ᠡᠳᠦᠷ ᠠᠴᠠ ᠡᠬᠢᠯᠡᠨ 1 ᠰᠠᠷ᠎ᠠ ᠶᠢᠨ ᠳᠣᠲᠣᠷ᠎ᠠ | ᠵᠠᠯᠠᠷᠠᠭᠤᠯᠬᠤ ᠬᠡᠷᠡᠭᠲᠡᠢ᠃ | ︵ᠬᠤᠶᠠᠷ︶ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠᠶᠢᠳᠠᠯ ᠢ ᠪᠠᠶᠢᠴᠠᠭᠠᠨ | ᠰᠢᠯᠭᠠᠬᠤ ᠪᠠᠶᠢᠭᠤᠯᠤᠮᠵᠢ ᠶᠢᠨ ᠬᠢᠨᠠᠨ ᠰᠢᠯᠭᠠᠬᠤ ᠠᠷᠭ᠎ᠠ︾ ᠶᠢᠨ ᠭᠤᠴᠢᠳᠤᠭᠠᠷ ᠵᠦᠢᠯ ᠤᠨ ᠭᠤᠷᠪᠠᠳᠤᠭᠠᠷ ᠪᠠᠳᠠᠭ ᠢ | ᠦᠨᠳᠦᠰᠦᠯᠡᠪᠡᠯ᠂ ᠥᠪᠥᠷ ᠮᠣᠩᠭᠤᠯ ᠤᠨ ᠯᠦ ᠢ ᠵᠢᠩ ᠫᠦ᠋ ᠪᠠᠶᠢᠴᠠᠭᠠᠨ ᠬᠡᠮᠵᠢᠬᠦ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠥᠸᠧ ᠨᠠ ᠪᠠᠶᠢᠴᠠᠭᠠᠨ ᠬᠡᠮᠵᠢᠬᠦ ᠮᠡᠷᠭᠡᠵᠢᠯ ᠤᠨ ᠬᠢᠵᠠᠭᠠᠷᠲᠤ ᠺᠣᠮᠫᠠᠨᠢ᠂ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠥᠷᠲᠡᠭᠡ᠂ ᠳ᠋ᠧᠩᠺᠸᠤ ᠰᠢᠶᠠᠨ ᠤ ᠢᠳᠡᠭᠡᠨ ᠵᠢᠴᠢ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠲᠥᠪ᠂ ᠳᠥᠷᠪᠡᠳ | ᠬᠤᠰᠢᠭᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ | ᠪᠠᠶᠢᠴᠠᠭᠠᠨ ᠰᠢᠯᠭᠠᠬᠤ ᠥᠷᠲᠡᠭᠡ ᠪᠠ ᠵᠠᠯᠠᠶᠢᠳ ᠬᠤᠰᠢᠭᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠵᠡᠷᠭᠡ 6 ᠪᠠᠶᠢᠭᠤᠯᠤᠮᠵᠢ ᠠᠯᠪᠠᠨ ᠪᠢᠴᠢᠭ | ᠲᠠᠷᠬᠠᠭᠠᠭᠰᠠᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ ᠴᠡᠭᠴᠡᠯᠡᠨ ᠦᠭᠡᠷᠡᠴᠢᠯᠡᠬᠦ ᠬᠡᠷᠡᠭᠲᠡᠢ᠃ | ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠳᠡᠭᠡᠷ᠎ᠡ ᠳᠤᠷᠠᠳᠤᠭᠰᠠᠨ ᠪᠠᠶᠢᠭᠤᠯᠤᠮᠵᠢ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠬᠡᠪᠰᠢ ᠪᠡᠶᠡᠯᠡᠭᠦᠯᠬᠦ ᠶᠢᠨ | ᠬᠠᠮᠲᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ᠳᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠪᠠᠨ ᠲᠤᠰᠢᠶᠠᠵᠤ᠂ | ᠴᠡᠭᠴᠡᠯᠡᠨ ᠰᠠᠶᠢᠵᠢᠷᠠᠭᠤᠯᠤᠭᠰᠠᠨ ᠬᠤᠭᠤᠴᠠᠭ᠎ᠠ ᠠᠴᠠ ᠬᠡᠲᠦᠷᠡᠭᠰᠡᠨ ᠪᠤᠶᠤ ᠴᠡᠭᠴᠡᠯᠡᠨ ᠰᠠᠶᠢᠵᠢᠷᠠᠭᠤᠯᠤᠭᠰᠠᠨ ᠨᠢ | ᠪᠠᠷᠢᠮᠵᠢᠶ᠎ᠠ ᠠᠴᠠ ᠬᠡᠲᠦᠷᠡᠭᠰᠡᠨ ᠦᠭᠡᠢ ᠪᠠᠶᠢᠭᠤᠯᠤᠮᠵᠢ ᠶᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠲᠣᠭᠲᠠᠭᠠᠯ ᠶᠣᠰᠣᠭᠠᠷ | ᠪᠠᠶᠢᠴᠠᠭᠠᠨ ᠰᠢᠯᠭᠠᠬᠤ ᠠᠵᠢᠯ ᠢ ᠨᠢ ᠵᠣᠭᠰᠤᠭᠠᠬᠤ ᠪᠤᠶᠤ ᠬᠠᠮᠢᠶ᠎ᠠ ᠪᠦᠬᠦᠢ ᠬᠢᠷᠢ ᠬᠡᠮ ᠢ ᠨᠢ ᠬᠦᠴᠦᠨ ᠦᠭᠡᠢ | ᠪᠣᠯᠭᠠᠨ᠎ᠠ᠃ | ︵ᠬᠤᠶᠠᠷ︶ ᠡᠯ᠎ᠡ ᠪᠠᠶᠢᠴᠠᠭᠠᠨ ᠰᠢᠯᠭᠠᠬᠤ ᠪᠠᠶᠢᠭᠤᠯᠤᠮᠵᠢ ᠨᠤᠭᠤᠳ ᠲᠤᠷᠰᠢᠯᠲᠠ ᠶᠢᠨ ᠲᠠᠰᠤᠭ ᠤᠨ | ᠠᠵᠢᠯᠯᠠᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠤᠷᠰᠢᠯᠲᠠ ᠶᠢᠨ ᠲᠠᠰᠤᠭ ᠤᠨ ᠠᠶᠤᠯ | ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠶᠠᠰᠤ ᠴᠢᠨᠠᠷ ᠤᠨ ᠦᠵᠡᠯ ᠤᠬᠠᠮᠰᠠᠷ᠂ ᠬᠠᠤᠯᠢᠵᠢᠯ ᠤᠨ ᠦᠵᠡᠯ ᠤᠬᠠᠮᠰᠠᠷ ᠪᠠ ᠠᠮᠤᠷ | ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠬᠠᠮᠢᠶ᠎ᠠ ᠪᠦᠬᠦᠢ ᠠᠵᠢᠯ ᠢ | ᠬᠠᠤᠯᠢ ᠲᠣᠭᠲᠠᠭᠠᠯ ᠶᠣᠰᠣᠭᠠᠷ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠬᠠᠷᠢᠯᠴᠠᠬᠤ ᠬᠥᠮᠥᠨ᠄ ᠭᠦᠸᠧ ᠶᠠᠨ ᠴᠢᠶᠦ᠋ᠩ 0471︱2947300 | ᠰᠢᠤᠳᠠᠨ ᠬᠠᠶᠢᠷᠴᠠᠭ᠄ nmgnmtjgc@163.com | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | 2023 ᠣᠨ ᠤ 7 ᠰᠠᠷ᠎ᠠ ᠶᠢᠨ 26 ᠤ ᠡᠳᠦᠷ |