ᠥᠪᠥᠷ ᠮᠣᠩᠭᠤᠯ ᠤᠨ ᠠᠩᠬᠠᠳᠠᠭᠴᠢ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠰᠢᠯᠵᠢᠮᠡᠯ ᠦᠵᠡᠭᠦᠯᠭᠡ ᠶᠢᠨ ᠲᠢᠩᠬᠢᠮ ᠤᠨ ᠬᠠᠮ ᠲᠡᠷᠭᠡ ᠮᠣᠷᠳᠠᠯ᠎ᠠ︕
ᠨᠡᠶᠢᠲᠡᠯᠡᠭᠰᠡᠨ ᠴᠠᠭ᠄
2023/7/29
      7 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠠᠩᠬᠠᠳᠠᠭᠴᠢ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠯᠵᠢᠮᠡᠯ ᠦᠵᠡᠭᠦᠯᠭᠡ ᠶᠢᠨ ᠲᠢᠩᠬᠢᠮ ᠤᠨ ᠬᠠᠮ ᠲᠡᠷᠭᠡ ᠮᠣᠷᠳᠠᠯ᠎ᠠ︕ ᠲᠦᠷᠦᠭᠦᠸ ᠥᠷᠲᠡᠭᠡ ᠨᠢ ᠤᠯᠠᠭᠠᠨᠬᠠᠳᠠ ᠬᠤᠲᠠ ᠳᠤ ᠬᠦᠷᠴᠦ ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠪᠠ ᠤᠯᠠᠭᠠᠨᠪᠦᠲᠦᠩ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠰᠣᠶᠣᠯ ᠤᠨ ᠨᠠᠶᠢᠷ ᠵᠢᠴᠢ ᠬᠤᠯᠪᠣᠭᠳᠠᠯ ᠪᠦᠬᠦᠢ ᠰᠣᠶᠣᠯ ᠵᠢᠭᠤᠯᠴᠢᠯᠠᠯ ᠤᠨ ᠠᠵᠢᠯᠯᠠᠭ᠎ᠠ ᠳᠤ ᠣᠷᠣᠯᠴᠠᠨ᠎ᠠ᠃ ᠰᠢᠯᠵᠢᠮᠡᠯ ᠦᠵᠡᠭᠦᠯᠭᠡ ᠶᠢᠨ ᠲᠢᠩᠬᠢᠮ ᠨᠢ 150 ᠰᠣᠳᠣᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠨᠡᠷᠡᠰ ᠤᠨ ᠵᠢᠭᠰᠠᠭᠠᠯᠲᠠ ᠪᠠᠷ ᠭᠤᠣᠯ ᠪᠣᠯᠭᠠᠵᠤ᠂ 600 ᠭᠠᠷᠤᠢ ᠲᠥᠷᠥᠯ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠲᠠᠨᠢᠯᠴᠠᠭᠤᠯᠬᠤ ᠪᠠ ᠪᠣᠷᠣᠯᠠᠭᠤᠯᠬᠤ ᠶᠢ ᠵᠣᠬᠢᠶᠠᠨ ᠪᠠᠶᠢᠭᠤᠯᠬᠤ ᠪᠠᠷ ᠪᠠᠶᠢᠨ᠎ᠠ᠃
图片1.png
 
图片2.png
      ᠰᠢᠯᠵᠢᠮᠡᠯ ᠦᠵᠡᠭᠦᠯᠭᠡ ᠶᠢᠨ ᠲᠢᠩᠬᠢᠮ ᠤᠨ ᠬᠠᠮ ᠲᠡᠷᠭᠡ ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠮᠠᠨ ᠤ ᠣᠷᠣᠨ ᠤ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠯᠠᠮ ᠨᠢᠭᠡ ᠠᠯᠬᠤᠮ ᠤᠬᠠᠭᠤᠯᠤᠨ ᠲᠠᠨᠢᠯᠴᠠᠭᠤᠯᠬᠤ ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠪᠣᠯᠣᠨ᠎ᠠ᠃ ᠰᠢᠯᠵᠢᠮᠡᠯ ᠦᠵᠡᠭᠦᠯᠭᠡ ᠶᠢᠨ ᠲᠢᠩᠬᠢᠮ  ᠨᠢ 130 ᠲᠡᠭᠰᠢ ᠳᠥᠷᠪᠡᠯᠵᠢᠨ ᠮᠧᠲᠷ ᠲᠠᠯᠠᠪᠠᠢ  ᠲᠠᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠬᠦ᠂ ᠪᠡᠯᠡᠨ ᠵᠠᠭᠤᠰᠢ  ᠶᠢᠨ ᠶᠠᠰᠤ ᠴᠢᠨᠠᠷ ᠢ ᠰᠢᠯᠭᠠᠨ ᠦᠵᠡᠬᠦ᠂ ᠦᠢᠯᠡᠳᠦᠯᠴᠡᠨ ᠣᠶᠢᠯᠠᠭᠠᠬᠤ᠂ ᠮᠡᠳᠡᠯᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠢᠭᠤᠳ ᠨᠠᠪᠲᠠᠷᠡᠭᠦᠯᠵᠦ ᠪᠠᠷᠠᠭ᠎ᠠ ᠬᠤᠳᠠᠯᠳᠤᠬᠤ ᠵᠡᠷᠭᠡ ᠴᠢᠳᠠᠮᠵᠢ ᠶᠢ ᠪᠡᠶᠡᠯᠡᠭᠦᠯᠵᠦ᠂ ᠡᠯ᠎ᠡ ᠭᠠᠵᠠᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠠᠷᠢᠶᠠᠯᠠᠩ ᠰᠣᠶᠣᠯ ᠵᠢᠭᠤᠯᠴᠢᠯᠠᠯ ᠵᠡᠷᠭᠡ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠳᠡᠯᠭᠡᠨ ᠦᠵᠡᠭᠦᠯᠵᠦ ᠡᠵᠡᠩᠨᠡᠨ ᠪᠣᠷᠣᠯᠠᠭᠤᠯᠵᠤ ᠪᠣᠯᠣᠨ᠎ᠠ᠃ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠯᠵᠢᠮᠡᠯ ᠦᠵᠡᠭᠦᠯᠭᠡ ᠶᠢᠨ ᠲᠢᠩᠬᠢᠮ ᠤᠨ ᠡᠵᠡᠩᠨᠡᠯᠲᠡ ᠨᠢ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠦᠷᠬᠦᠴᠡ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠤᠯᠤᠰ ᠲᠤ ᠲᠠᠭᠤᠷᠢᠰᠬᠠᠨᠠᠮ᠃
图片3.png
图片4.png
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号