ᠨᠠᠮ ᠤᠨ ᠪᠠᠶᠢᠭᠤᠯᠤᠯᠲᠠ ᠪᠠᠷ ᠤᠯᠠᠨ ᠤ ᠪᠡᠯᠡ ᠮᠥᠩᠭᠦ ᠶᠢ ᠬᠤᠷᠠᠮᠳᠤᠭᠤᠯᠵᠤ ᠬᠠᠮᠲᠤ ᠪᠠᠷ ᠪᠠᠶᠠᠵᠢᠬᠤ ᠶᠢ ᠬᠥᠲᠥᠯᠥᠨ ᠳᠠᠭᠠᠭᠤᠯᠤᠨ᠎ᠠ ︱ ᠬᠠᠩᠭᠢᠨ ᠬᠤᠶᠢᠲᠤ ᠬᠤᠰᠢᠭᠤᠨ ᠤ ᠵᠦᠩ ᠴᠧᠩ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ
ᠨᠡᠶᠢᠲᠡᠯᠡᠭᠰᠡᠨ ᠴᠠᠭ᠄
2023/7/29
      ᠵᠦᠩ ᠴᠧᠩ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ 2019 ᠣᠨ ᠳᠤ ᠪᠠᠶᠢᠭᠤᠯᠤᠭᠳᠠᠵᠤ ᠂ ᠪᠠᠶᠠᠨᠨᠠᠭᠤᠷ ᠬᠤᠳᠠ ᠶᠢᠨ ᠬᠠᠩᠭᠢᠨ ᠬᠤᠶᠢᠲᠤ ᠬᠤᠰᠢᠭᠤᠨ ᠤ ᠰᠠᠨ ᠳ᠋ᠣᠣ ᠴᠢᠶᠣᠤ ᠪᠠᠯᠭᠠᠰᠤᠨ ᠤ ᠾᠧ ᠫᠢᠩ ᠲᠣᠰᠬᠤᠨ ᠳᠤ ᠪᠠᠶᠢᠷᠢᠯᠠᠨ᠎ᠠ ᠃ ᠬᠤᠷᠰᠢᠶ᠎ᠠ ᠨᠢ ᠰᠢᠶᠠᠨ ᠤ ᠬᠡᠪᠴᠢᠶᠡᠨ ᠳᠤ ᠦᠨᠳᠦᠰᠦᠯᠡᠵᠦ ᠂ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ︽ ᠤᠯᠠᠨ ᠢᠶᠠᠷ ᠢᠶᠠᠨ ᠴᠤᠭᠯᠠᠭᠤᠯᠬᠤ ᠵᠠᠭᠪᠤᠷ ︾  ᠢᠶᠠᠷ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ ᠂ ᠲᠤᠬᠠᠢ ᠶᠢᠨ ᠭᠠᠵᠠᠷ ᠤᠨ 239 ᠡᠷᠦᠬᠡ ᠲᠣᠰᠬᠤᠨ ᠤ ᠠᠷᠠᠳ ᠤᠨ ᠪᠡᠯᠡ ᠮᠥᠩᠭᠦ ᠂ ᠭᠠᠵᠠᠷ ᠰᠢᠷᠣᠢ ᠂ ᠰᠠᠭᠠᠯᠢ ᠶᠢᠨ ᠦᠨᠢᠶ᠎ᠡ ᠵᠡᠷᠭᠡ ᠪᠠᠷ ᠳᠠᠮᠵᠢᠨ ᠬᠤᠪᠢ ᠣᠷᠣᠭᠤᠯᠤᠭᠰᠠᠨ ᠬᠤᠷᠰᠢᠶ᠎ᠠ ᠶᠢ ᠰᠢᠩᠭᠡᠬᠡᠨ ᠠᠪᠤᠪᠠ ᠃ 2021 ᠣᠨ ᠳᠤ᠂ ᠬᠤᠪᠢ ᠣᠷᠣᠭᠤᠯᠤᠭᠴᠢ ᠶᠢᠨ ᠠᠰᠢᠭ ᠣᠷᠣᠯᠭ᠎ᠠ ᠶᠢ 653.2 ᠲᠦᠮᠡᠨ ᠲᠥᠭᠦᠷᠢᠭ ᠬᠤᠪᠢᠶᠠᠬᠤ ᠶᠢ ᠪᠡᠶᠡᠯᠡᠭᠦᠯᠵᠦ᠂ ᠡᠭᠦᠨ ᠳᠤ ᠾᠧ ᠫᠢᠩ ᠲᠣᠰᠬᠤᠨ ᠤ 30 ᠡᠷᠦᠬᠡ ᠶᠢᠨ ᠲᠠᠩᠰᠠ ᠪᠠᠶᠢᠭᠤᠯᠵᠤ ᠶᠠᠳᠠᠭᠤ  ᠠᠴᠠ ᠠᠩᠭᠢᠵᠢᠷᠠᠭᠤᠯᠤᠭᠰᠠᠨ ᠡᠷᠦᠬᠡ ᠶᠢᠨ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ  ᠨᠢ 8.4 ᠲᠦᠮᠡᠨ ᠲᠥᠭᠦᠷᠢᠭ ᠬᠦᠷᠴᠦ ᠂ ᠨᠡᠶᠢᠲᠡ ᠶᠢᠨ ᠠᠰᠠᠷᠠᠮᠵᠢ ᠪᠠᠷ ᠶᠠᠳᠠᠭᠤ ᠶᠢ ᠲᠡᠳᠬᠦᠬᠦ ᠨᠢ 4.5 ᠲᠦᠮᠡᠨ ᠲᠥᠭᠦᠷᠢᠭ ᠬᠦᠷᠪᠡ ᠃ 2022 ᠣᠨ ᠳᠤ ᠂ ᠬᠤᠪᠢ ᠣᠷᠣᠭᠤᠯᠤᠭᠴᠢ 300 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠵᠤ ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠲᠠᠢ ᠨᠢᠭᠲᠠ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠦᠷᠢᠯᠳᠦᠭᠦᠯᠵᠡᠢ ᠃
图片1.png
      ᠨᠢᠭᠡ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠠᠪᠴᠠᠩ ᠪᠠᠶᠢᠭᠤᠯᠪᠠ᠃ ᠾᠧ ᠫᠢᠩ ᠲᠣᠰᠬᠤᠨ ᠵᠠᠮ ᠬᠠᠷᠢᠯᠴᠠᠭᠠᠨ ᠤ ᠭᠤᠣᠯ ᠱᠤᠭᠤᠮ ᠲᠠᠢ ᠬᠥᠷᠰᠢᠯᠡᠵᠦ ᠂ ᠵᠠᠮ ᠬᠠᠷᠢᠯᠴᠠᠭ᠎ᠠ ᠲᠦᠭᠦᠮ ᠂ ᠭᠠᠵᠠᠷ ᠰᠢᠷᠣᠢ ᠥᠩ ᠰᠢᠮᠡᠯᠢᠭ ᠪᠠᠶᠢᠵᠤ ᠂ ᠤᠮᠠᠷᠠᠲᠤ ᠶᠢᠨ ᠨᠡᠷᠡᠳᠦ ᠡᠸᠦ᠋ᠷᠦᠫᠡ ᠠᠮᠲᠠᠲᠤ ᠬᠡᠮᠬᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠵᠤ ᠂ ᠤᠯᠤᠰ ᠤᠨ ︽ ᠭᠠᠵᠠᠷ ᠵᠦᠢ ᠶᠢᠨ ᠢᠯᠡᠷᠬᠡᠶᠢᠯᠡᠯᠳᠦ ᠭᠡᠷᠡᠴᠢᠯᠡᠯ ︾ ᠢ ᠬᠦᠷᠲᠡᠵᠡᠢ ᠃ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠵᠦ ᠂ ᠲᠣᠰᠬᠤᠨ ᠤ ᠠᠷᠠᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠲᠥᠯᠥᠭᠡ ᠂ 2019 ᠣᠨ ᠤ 4 ᠰᠠᠷ᠎ᠠ ᠳᠤ ᠂ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠭᠡᠰᠢᠭᠦᠳ ᠤᠨ ᠬᠤᠷᠠᠯ ᠬᠤᠷᠠᠯᠳᠤᠭᠤᠯᠵᠤ᠂ ︽ ᠨᠠᠮ ᠤᠨ ᠶᠡᠷᠦᠩᠬᠡᠢ ᠡᠭᠦᠷ ᠢᠶᠠᠷ ᠲᠦᠷᠦᠭᠦᠯᠡᠭᠦᠯᠦᠨ᠂ ᠲᠣᠰᠬᠤᠨ ᠤ ᠠᠷᠠᠳ ᠬᠤᠪᠢ ᠣᠷᠣᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠤᠷᠰᠢᠶ᠎ᠠ ᠶᠢ ᠬᠠᠮᠲᠤ ᠪᠠᠷ ᠪᠠᠶᠢᠭᠤᠯᠬᠤ ︾ ᠰᠠᠨᠠᠭᠠᠴᠢᠯᠠᠭ᠎ᠠ ᠶᠢ ᠳᠤᠷᠠᠳᠴᠤ᠂ ᠵᠠᠯᠭᠠᠭᠠᠳ ᠪᠦᠬᠦ ᠨᠠᠮ ᠤᠨ ᠭᠡᠰᠢᠭᠦᠳ ᠤᠨ ᠶᠡᠭᠡ ᠬᠤᠷᠠᠯ᠂ ᠲᠣᠰᠬᠤᠨ ᠤ ᠠᠷᠠᠳ ᠤᠨ ᠵᠥᠪᠯᠡᠯ ᠪᠣᠯᠣᠨ ᠡᠯ᠎ᠡ ᠬᠤᠷᠰᠢᠶ᠎ᠠ ᠶᠢᠨ ᠲᠣᠰᠬᠤᠨ ᠤ ᠠᠷᠠᠳ ᠤᠨ ᠶᠡᠭᠡ ᠬᠤᠷᠠᠯ ᠢ ᠬᠤᠷᠠᠯᠳᠤᠭᠤᠯᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠶᠢ ᠬᠠᠮᠲᠤ ᠪᠠᠷ ᠰᠠᠨᠠᠯ ᠥᠭᠴᠦ ᠵᠥᠪᠰᠢᠶᠡᠷᠡᠪᠡ᠃ ᠡᠭᠦᠨ ᠤ ᠲᠤᠯᠠᠳᠠ᠂ ᠨᠠᠮ ᠤᠨ ᠶᠡᠷᠦᠩᠬᠡᠢ ᠡᠭᠦᠷ ︽ᠡᠩᠬᠡ ᠲᠠᠶᠢᠪᠤᠩ ᠲᠣᠰᠬᠤᠨ ᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ ᠳᠦᠷᠢᠮ ︾ ᠢ ᠲᠣᠭᠲᠠᠭᠠᠵᠤ ᠂ ᠬᠤᠷᠰᠢᠶ᠎ᠠ ᠶᠢᠨ ᠪᠦᠲᠦᠴᠡ ᠂ ᠡᠵᠡᠩᠨᠡᠯᠲᠡ ᠶᠢᠨ ᠴᠢᠭᠯᠡᠯᠲᠡ ᠂ ᠬᠤᠪᠢ ᠣᠷᠣᠭᠤᠯᠤᠭᠰᠠᠨ ᠲᠣᠰᠬᠤᠨ ᠤ ᠠᠷᠠᠳ ᠤᠨ ᠠᠰᠢᠭ ᠲᠤᠰᠠ ᠶᠢᠨ ᠪᠠᠲᠤᠯᠠᠭ᠎ᠠ ᠂ ᠬᠤᠪᠢ ᠣᠷᠣᠭᠤᠯᠤᠭᠴᠢ ᠶᠢᠨ ᠬᠠᠷᠢᠭᠤᠴᠠᠯᠭ᠎ᠠ ᠡᠷᠬᠡ ᠠᠰᠢᠭ ᠵᠡᠷᠭᠡ ᠠᠭᠤᠯᠭ᠎ᠠ ᠶᠢ ᠲᠣᠳᠣᠷᠬᠠᠶᠢᠯᠠᠵᠠᠢ ᠃ ᠡᠭᠦᠨ ᠤ ᠵᠡᠷᠭᠡᠴᠡᠭᠡᠪᠡᠷ ᠂ ᠭᠠᠴᠠᠭᠠᠨ ᠤ ᠠᠷᠠᠳ ᠤᠨ ᠵᠥᠪᠯᠡᠯ ᠤᠷᠢᠳ ᠬᠤᠵᠢᠳ ᠬᠤᠶᠠᠷ ᠵᠥᠪᠯᠡᠯ ᠤᠨ ᠪᠦᠷᠢᠯᠳᠦᠭᠦᠨ ᠵᠢᠴᠢ ᠭᠠᠴᠠᠭᠠᠨ ᠤ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠲᠡᠷᠢᠭᠦᠨ ᠤ ᠲᠡᠵᠢᠭᠡᠨ ᠦᠷᠡᠵᠢᠭᠦᠯᠬᠦ ᠲᠠᠯᠠᠪᠠᠢ ᠳᠤ ᠣᠴᠢᠭᠤᠯᠤᠨ ᠲᠣᠭᠤᠷᠢᠨ ᠦᠵᠡᠭᠦᠯᠵᠦ ᠰᠤᠷᠤᠯᠴᠠᠭᠤᠯᠤᠭᠠᠳ ᠂ ᠬᠠᠷᠠᠭ᠎ᠠ ᠪᠠᠨ ᠥᠷᠭᠡᠳᠬᠡᠵᠦ ᠂ ᠦᠵᠡᠯ ᠰᠠᠨᠠᠭ᠎ᠠ ᠪᠠᠨ ᠨᠢᠭᠡᠳᠬᠡᠵᠦ ᠂ ᠢᠲᠡᠭᠡᠯ ᠵᠣᠷᠢᠭ ᠢᠶᠠᠨ ᠳᠡᠭᠡᠭᠰᠢᠯᠡᠭᠦᠯᠦᠭᠰᠡᠨ ᠪᠠᠶᠢᠨ᠎ᠠ ᠃ 2019 ᠣᠨ ᠤ ᠰᠡᠭᠦᠯᠴᠢ ᠪᠠᠷ ᠂ ᠪᠦᠬᠦ ᠲᠣᠰᠬᠤᠨ ᠤ ᠰᠠᠶᠢᠨ ᠳᠤᠷ᠎ᠠ ᠠᠴᠠ ᠪᠠᠨ ᠬᠤᠪᠢ ᠣᠷᠣᠭᠤᠯᠤᠭᠰᠠᠨ ᠲᠣᠰᠬᠤᠨ ᠤ ᠠᠷᠠᠳ 239 ᠡᠷᠦᠬᠡ ᠳᠤ ᠬᠦᠷᠴᠦ ᠂ ᠬᠤᠪᠢ ᠣᠷᠣᠭᠤᠯᠤᠭᠰᠠᠨ ᠪᠡᠯᠡ ᠮᠥᠩᠭᠦ 2300 ᠲᠦᠮᠡᠨ ᠲᠥᠭᠦᠷᠢᠭ ᠲᠤ ᠬᠦᠷᠴᠡᠢ ᠃ 2020 ᠣᠨ ᠤ 2 ᠰᠠᠷ᠎ᠠ ᠳᠤ᠂ ᠡᡁᠸ ᠫᠢᠩ ᠲᠣᠰᠬᠤᠨ ᠤ ᠵᠦᠩ ᠴᠧᠩ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠠᠩᠬᠠᠳᠤᠭᠠᠷ ᠤᠳᠠᠭ᠎ᠠ ᠶᠢᠨ ᠬᠤᠪᠢ ᠣᠷᠣᠭᠤᠯᠤᠭᠴᠢᠳ ᠤᠨ ᠶᠡᠭᠡ ᠬᠤᠷᠠᠯ ᠢ ᠤᠷᠤᠭᠰᠢᠲᠠᠢ ᠬᠤᠷᠠᠯᠳᠤᠭᠤᠯᠵᠤ ᠂ ᠬᠤᠷᠰᠢᠶ᠎ᠠ ᠶᠢᠨ ︽ ᠳᠦᠷᠢᠮ ︾  ᠢ ᠶᠠᠷᠢᠯᠴᠠᠨ ᠪᠠᠲᠤᠯᠠᠵᠤ ᠂ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠶᠢ ᠰᠣᠩᠭᠤᠨ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ ᠂ ᠲᠣᠰᠬᠤᠨ ᠤ ᠠᠷᠠᠳ ᠬᠤᠪᠢ ᠣᠷᠣᠭᠤᠯᠤᠭᠴᠢᠳ ᠢ ᠳᠠᠭᠠᠭᠤᠯᠤᠨ ᠬᠠᠮᠲᠤᠪᠠᠷ ᠪᠠᠶᠠᠵᠢᠬᠤ ᠬᠦᠨᠳᠦ ᠡᠭᠦᠷᠭᠡ ᠶᠢ ᠡᠭᠦᠷᠭᠡᠯᠡᠵᠦ ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠤᠷᠰᠢᠶ᠎ᠠ ᠬᠥᠭᠵᠢᠨ ᠪᠤᠵᠠᠭᠠᠶᠢᠷᠠᠬᠤ ᠠᠩᠬᠠᠨ ᠤ ᠠᠯᠬᠤᠮ ᠢ ᠠᠯᠬᠤᠵᠠᠢ ᠃      ᠬᠤᠶᠠᠷ ᠂ ᠤᠯᠠᠨ ᠤ ᠬᠦᠴᠦᠨ ᠳᠤ ᠤᠪᠤᠭ᠎ᠠ ᠪᠤᠰᠬᠠᠨ ᠬᠦᠭᠵᠢᠯᠳᠡ ᠶᠢᠨ ᠵᠠᠮ ᠢ ᠡᠷᠢᠯᠬᠢᠯᠡᠪᠡ᠃ ᠬᠤᠷᠰᠢᠶ᠎ᠠ ᠪᠠᠶᠢᠭᠤᠯᠤᠭᠳᠠᠭᠰᠠᠨ ᠤ ᠲᠠᠷᠠᠭ᠎ᠠ ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠪᠠ ᠃ 2020 ᠣᠨ ᠤ ᠡᠬᠢ ᠪᠠᠷ ᠂ ᠨᠠᠮ ᠤᠨ ᠭᠡᠰᠢᠭᠦᠨ ᠲᠦᠷᠦᠭᠦᠯᠡᠨ ᠠᠶᠢᠯ ᠲᠣᠰᠬᠤᠨ ᠢᠶᠠᠷ ᠶᠠᠪᠤᠵᠤ ᠵᠥᠪᠳᠡᠯᠴᠡᠵᠦ ᠂ ᠭᠠᠵᠠᠷ ᠰᠢᠷᠣᠢ ᠶᠢᠨ ᠡᠷᠭᠢᠯᠲᠡ ᠶᠢᠨ ᠠᠰᠠᠭᠤᠳᠠᠯ ᠢ ᠤᠷᠢᠳᠴᠢᠯᠠᠨ ᠰᠢᠢᠳᠪᠦᠷᠢᠯᠡᠪᠡ ︔ 4 ᠰᠠᠷ᠎ᠠ ᠳᠤ ᠂ ᠬᠤᠷᠰᠢᠶ᠎ᠠ ᠨᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ ᠂ ᠬᠢᠨᠠᠭᠴᠢ ᠶᠢ ᠲᠣᠬᠢᠷᠠᠭᠤᠯᠵᠤ ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠠᠵᠢᠯ ᠢ ᠡᠬᠢᠯᠡᠭᠦᠯᠵᠦ ᠂ ᠣᠬᠤᠷᠬᠠᠨ 8 ᠰᠠᠷ᠎ᠠ ᠶᠢᠨ ᠬᠤᠭᠤᠴᠠᠭᠠᠨ ᠳᠤ ᠂ ᠪᠠᠷᠢᠮᠵᠢᠶᠠᠵᠢᠭᠰᠠᠨ ᠰᠦ ᠱᠦᠭᠦᠷᠡᠭᠦᠯᠬᠦ ᠦᠬᠡᠷ ᠤᠨ ᠬᠠᠰᠢᠶ᠎ᠠ ᠶᠢ 3 ᠲᠦᠮᠡᠨ ᠲᠡᠭᠰᠢ ᠳᠥᠷᠪᠡᠯᠵᠢᠨ ᠮᠧᠲᠷ ᠂ ᠪᠠᠷᠢᠮᠵᠢᠶᠠᠵᠢᠭᠰᠠᠨ ᠬᠠᠭᠤᠷᠠᠢ ᠦᠨᠢᠶᠡᠨ ᠤ ᠬᠠᠰᠢᠶ᠎ᠠ ᠶᠢ 1 ᠲᠦᠮᠡᠨ ᠲᠡᠭᠰᠢ ᠳᠥᠷᠪᠡᠯᠵᠢᠨ ᠮᠧᠲᠷ ᠂ ᠲᠦᠭᠦᠮ ᠢᠶᠠᠷ 2 ᠲᠦᠮᠡᠨ ᠲᠡᠭᠰᠢ ᠳᠥᠷᠪᠡᠯᠵᠢᠨ ᠮᠧᠲᠷ ᠦᠬᠡᠷ ᠤᠨ ᠬᠠᠰᠢᠶ᠎ᠠ ᠶᠢ ᠪᠠᠶᠢᠭᠤᠯᠤᠭᠰᠠᠨ ᠪᠥᠭᠡᠳ ᠣᠳᠣᠬᠢᠴᠢᠯᠠᠭᠰᠠᠨ ᠰᠦ ᠰᠠᠭᠠᠬᠤ ᠲᠢᠩᠬᠢᠮ ᠂ ᠡᠪᠡᠰᠦ ᠪᠣᠷᠳᠤᠭ᠎ᠠ ᠶᠢ ᠬᠠᠳᠠᠭᠠᠯᠠᠬᠤ ᠰᠠᠷᠠᠪᠴᠢ ᠂ ᠳᠤᠯᠠᠭᠠᠨ ᠢ ᠬᠠᠮᠠᠭᠠᠯᠠᠬᠤ ᠲᠤᠭᠤᠯ ᠠᠷᠠᠯ ᠵᠡᠷᠭᠡ ᠪᠤᠰᠤᠳ ᠳᠠᠭᠠᠯᠲᠠ ᠲᠥᠬᠦᠭᠡᠷᠦᠮᠵᠢ ᠶᠢ ᠲᠣᠬᠢᠷᠠᠭᠤᠯᠪᠠ ᠃ ᠤᠷᠢᠳ ᠬᠤᠵᠢᠳ ᠠᠦ᠋ᠰᠲᠷᠠᠯᠢᠶ᠎ᠠ ᠂ ᠰᠢᠨ᠎ᠡ ᠽᠧᠯᠡᠨᠳ᠋ ᠤᠨ 2300 ᠭᠠᠷᠤᠢ ᠬᠤᠯᠠᠨᠳ᠋ ᠢ ᠣᠷᠣᠭᠤᠯᠤᠨ ᠰᠠᠭᠠᠯᠢ ᠶᠢᠨ ᠦᠨᠢᠶ᠎ᠡ ᠳᠠᠷᠢᠭᠤᠯᠵᠤ᠂  ᠡᠳᠦᠷ ᠤᠨ ᠰᠦᠨ ᠤ ᠭᠠᠷᠤᠯᠲᠠ ᠣᠬᠤᠷᠬᠠᠨ ᠬᠤᠭᠤᠴᠠᠭᠠᠨ ᠳᠤ 50 ᠭᠠᠷᠤᠢ ᠲᠣᠨ ᠳᠤ ᠬᠦᠷᠴᠦ ᠂ ᠬᠤᠪᠢ ᠣᠷᠣᠭᠰᠠᠨ ᠲᠣᠰᠬᠤᠨ ᠤ ᠠᠷᠠᠳ ︽ ᠡᠷᠭᠢᠵᠦ ᠢᠷᠡᠬᠦ ᠵᠣᠭᠤᠰ ︾ ᠢ ᠣᠯᠵᠤ ᠬᠠᠷᠠᠭᠠᠳ ᠂ ᠢᠲᠡᠭᠡᠯ ᠵᠣᠷᠢᠭ ᠪᠠ ᠡᠷᠴᠢ ᠵᠣᠷᠢᠭ  ᠨᠢ ᠨᠡᠩ ᠲᠡᠭᠦᠯᠳᠡᠷ ᠪᠣᠯᠤᠭᠰᠠᠨ ᠪᠠᠶᠢᠨ᠎ᠠ ᠃
图片2.png
      ᠭᠤᠷᠪᠠ ᠂ ᠡᠷᠴᠢ ᠵᠣᠷᠢᠭ ᠢᠶᠠᠨ ᠲᠠᠬᠢᠨ ᠬᠥᠪᠴᠢᠯᠡᠵᠦ ᠠᠯᠤᠰ ᠠᠶᠠᠨ ᠳᠤ ᠪᠠᠨ ᠰᠢᠭᠤᠷᠬᠠᠶᠢᠯᠠᠪᠠ᠃ ᠬᠤᠷᠰᠢᠶ᠎ᠠ  ᠨᠢ ᠣᠬᠤᠷᠬᠠᠨ ᠬᠡᠳᠦᠨ ᠵᠢᠯ ᠤᠨ ᠬᠤᠭᠤᠴᠠᠭᠠᠨ ᠳᠤ ᠲᠣᠭᠲᠠᠭᠤᠨ ᠢᠶᠠᠷ ᠬᠥᠭᠵᠢᠬᠦ ᠵᠠᠮ ᠢᠶᠠᠷ ᠵᠠᠮᠨᠠᠵᠤ ᠂ 2300 ᠭᠠᠷᠤᠢ ᠡᠭᠦᠯᠳᠡᠷ ᠤᠨ ᠦᠨᠢᠶ᠎ᠡ ᠲᠤᠭᠤᠯᠯᠠᠬᠤ ᠬᠤᠭᠤᠴᠠᠭ᠎ᠠ ᠂ ᠰᠦ ᠭᠠᠷᠬᠤ ᠬᠤᠭᠤᠴᠠᠭᠠᠨ ᠳᠤ ᠲᠥᠪᠯᠡᠷᠡᠵᠦ ᠂ ᠡᠳᠦᠷ ᠤᠨ ᠰᠦ ᠭᠠᠷᠬᠤ ᠬᠡᠮᠵᠢᠶ᠎ᠡ 70 ᠲᠣᠨ ᠪᠣᠯᠣᠨ ᠳᠡᠭᠡᠭᠰᠢᠯᠡᠵᠦ ᠂ ᠪᠦᠬᠦ ᠵᠢᠯ ᠤᠨ ᠦᠢᠯᠡᠳᠬᠦᠨ ᠤ ᠶᠡᠷᠦᠩᠬᠡᠢ ᠦᠷᠳᠡᠭ ᠳ᠋ᠦᠩᠰᠢᠭᠤᠷ ᠲᠥᠭᠦᠷᠢᠭ ᠢ ᠳᠠᠪᠠᠵᠠᠢ ᠃ 2022 ᠣᠨ ᠳᠤ ᠂ ᠬᠤᠷᠰᠢᠶ᠎ᠠ ᠠᠴᠠ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ ᠂ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ 20 ᠮᠦ ᠭᠠᠵᠠᠷ ᠢ ᠡᠵᠡᠯᠡᠵᠦ ᠂ ᠤᠯᠤᠰ ᠤᠨ ᠳᠣᠲᠣᠭᠠᠳᠤ ᠶᠢᠨ ᠲᠡᠷᠢᠭᠦᠨ ᠵᠡᠷᠭᠡ ᠶᠢᠨ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠵᠢᠴᠢ ᠢᠳᠡᠭᠡᠨ ᠤ ᠠᠮᠤᠷ ᠲᠦᠪᠰᠢᠨ ᠢ ᠬᠢᠨᠠᠨ ᠬᠡᠮᠵᠢᠬᠦ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠂ ᠡᠳᠦᠷ ᠲᠤ ᠡᠭᠡᠳᠡᠭᠰᠡᠨ ᠰᠦ ᠂ ᠫᠠᠰᠲ᠋ᠧᠷ ᠤᠨ ᠰᠢᠨ᠎ᠡ ᠰᠦ 7 ᠲᠣᠨ ᠣᠷᠴᠢᠮ ᠦᠢᠯᠡᠳᠪᠦᠷᠢᠯᠡᠪᠡ ᠃ ᠲᠠᠷᠠᠭ᠎ᠠ ᠳᠤ  ᠨᠢ᠂ ᠬᠤᠷᠰᠢᠶ᠎ᠠ ᠶᠢᠨ ᠬᠢᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ ᠂ ᠰᠠᠭᠠᠯᠢ ᠶᠢᠨ ᠦᠨᠢᠶ᠎ᠡ ᠶᠢᠨ ᠠᠵᠤ ᠦᠢᠯᠡᠰ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ ᠂ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠪᠠ ᠃ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠨᠢ ᠬᠠᠩᠭᠢᠨ ᠬᠤᠶᠢᠲᠤ ᠬᠤᠰᠢᠭᠤᠨ ᠤ ᠰᠦᠨ ᠦᠢᠯᠡᠰ ᠤᠨ ᠬᠦᠷᠢᠶᠡᠯᠡᠩ ᠲᠣᠭᠤᠷᠢᠭ ᠤᠨ ᠠᠷᠪᠠᠳᠤᠭᠠᠷ ᠮᠠᠯᠵᠢᠯ ᠤᠨ ᠲᠠᠯᠠᠪᠠᠢ ᠳᠤ ᠪᠠᠶᠢᠷᠢᠯᠠᠵᠤ ᠂ 1.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠂ 529 ᠮᠦ ᠭᠠᠵᠠᠷ ᠢ ᠡᠵᠡᠯᠡᠬᠦ ᠪᠠᠷ ᠲᠥᠯᠥᠪᠯᠡᠵᠦ ᠂ ᠬᠤᠶᠠᠳᠤᠭᠠᠷ ᠬᠤᠭᠤᠴᠠᠭᠠᠨ ᠤ ᠲᠥᠯᠥᠪᠯᠡᠭᠡ ᠪᠠᠷ 5000 ᠲᠣᠯᠣᠭᠠᠢ ᠲᠡᠵᠢᠭᠡᠵᠦ᠂ ᠡᠳᠦᠷ ᠲᠤ 90 ᠲᠣᠨ ᠠᠴᠠ ᠳᠡᠭᠡᠭᠰᠢ ᠰᠢᠨ᠎ᠡ  ᠰᠦᠨ ᠭᠠᠷᠤᠯᠲᠠ ᠭᠠᠷᠭᠠᠨ᠎ᠠ ᠃ ᠣᠳᠣᠬᠠᠨ ᠳᠤ᠂ ᠨᠢᠭᠡᠨᠲᠡ 4.5 ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠦᠬᠡᠷ ᠤᠨ ᠰᠠᠷᠠᠪᠴᠢ᠂ 3600 ᠲᠡᠭᠰᠢ ᠳᠥᠷᠪᠡᠯᠵᠢᠨ ᠮᠧᠲᠷ ᠰᠦ ᠰᠠᠭᠠᠬᠤ ᠲᠢᠩᠬᠢᠮ ᠢ ᠪᠠᠶᠢᠭᠤᠯᠵᠤ ᠳᠠᠭᠤᠰᠬᠠᠭᠠᠳ᠂ GEA80 ᠣᠷᠣᠨᠲᠤ ᠡᠷᠭᠢᠭᠦᠯ ᠲᠠᠪᠠᠭ ᠰᠠᠭᠠᠬᠤ ᠲᠥᠬᠦᠭᠡᠷᠦᠮᠵᠢ ᠶᠢ ᠣᠷᠣᠭᠤᠯᠤᠨ ᠠᠪᠴᠢᠷᠠᠭᠰᠠᠨ ᠪᠠᠶᠢᠨ᠎ᠠ᠃ ᠰᠠᠭᠠᠯᠢ ᠶᠢᠨ ᠦᠨᠢᠶ᠎ᠡ 3050 ᠲᠣᠯᠤᠭᠠᠢ ᠪᠠᠶᠢᠵᠤ᠂ ᠡᠳᠦᠷ ᠲᠤ 20 ᠲᠣᠨ ᠰᠢᠨ᠎ᠡ ᠰᠦ ᠭᠠᠷᠤᠨ᠎ᠠ᠂ ᠪᠤᠰᠤᠳ ᠢᠨᠵᠧᠨᠧᠷᠢᠩ ᠢ 2024 ᠣᠨ ᠳᠤ ᠪᠦᠬᠦᠨ ᠢ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃ ᠲᠤᠬᠠᠢ ᠶᠢᠨ ᠦᠶ᠎ᠡ ᠳᠤ᠂ ᠬᠤᠶᠠᠷ ᠰᠠᠭᠠᠯᠢ ᠶᠢᠨ ᠦᠨᠢᠶᠡᠨ ᠤ ᠲᠠᠯᠠᠪᠠᠶ ᠶᠢᠨ ᠪᠥᠬᠦ ᠲᠤᠭ᠎ᠠ 1 ᠲᠦᠮᠡ ᠳᠤ ᠬᠦᠷᠴᠦ᠂ ᠰᠦ ᠰᠢᠭᠦᠷᠡᠭᠦᠯᠬᠦ ᠦᠨᠢᠶ᠎ᠡ 5000 ᠲᠣᠯᠤᠭᠠᠢ ᠳᠤ ᠬᠦᠷᠴᠦ᠂ ᠡᠳᠦᠷ ᠤᠨ ᠭᠠᠷᠤᠯᠲᠠ 160 ᠲᠣᠨ ᠳᠤ ᠬᠦᠷᠴᠦ᠂ ᠵᠢᠯ ᠤᠨ ᠦᠢᠯᠡᠳᠬᠦᠨ ᠤ ᠪᠥᠬᠦ ᠥᠷᠲᠡᠭ 2.5 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢ ᠣᠷᠣᠭᠤᠯᠤᠭᠴᠢᠳ ᠤᠨ ᠣᠷᠣᠯᠭ᠎ᠠ ᠶᠢ ᠳᠠᠶᠢᠴᠢᠯᠠᠨ ᠳᠠᠬᠢᠨ ᠢᠶᠠᠷ ᠨᠡᠮᠡᠭᠳᠡᠭᠦᠯᠬᠦ ᠪᠣᠯᠣᠨ᠎ᠠ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号