ᠯᠢᠶᠣᠤᠨᠢᠩ ᠮᠤᠵᠢ ᠶᠢᠨ ᠲᠢᠶᠧᠯᠢᠩ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ ᠵᠣᠣ ᠴᠢᠩ ᠨᠠᠷ ᠤᠯᠠᠭᠠᠨᠬᠠᠳᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/7/3
      6 ᠰᠠᠷ᠎ᠠ ᠶᠢᠨ 30 ᠤ ᠡᠳᠦᠷ ᠠᠴᠠ 7 ᠰᠠᠷ᠎ᠠ ᠶᠢᠨ 1 ᠤ ᠡᠳᠦᠷ ᠪᠣᠯᠲᠠᠯ᠎ᠠ᠂ ᠯᠢᠶᠣᠤᠨᠢᠩ ᠮᠤᠵᠢ ᠶᠢᠨ ᠲᠢᠶᠧᠯᠢᠩ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠣᠣ ᠴᠢᠩ ᠨᠠᠷ ᠤᠯᠠᠭᠠᠨᠬᠠᠳᠠ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠽᠦᠸᠧ ᠬᠤᠶ ᠵᠥᠩ᠂ ᠠᠷᠤ ᠬᠤᠷᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠥᠮᠥᠰ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
图片1.png
图片2.png
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠷᠤ ᠬᠤᠷᠴᠢᠨ ᠬᠤᠰᠢᠭᠤᠨ ᠤ ᠲᠢᠶᠠᠨ ᠵᠦ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠰᠢᠨ ᠱᠧᠩ ᠯᠢᠦᠢ ᠲᠠᠷᠢᠶᠠᠯᠠᠩ ᠤᠨ ᠬᠢᠵᠠᠭᠠᠷᠲᠤ ᠺᠣᠮᠫᠠᠨᠢ᠂ ᠠᠵᠤ ᠠᠬᠤᠶᠢᠯᠠᠯ ᠤᠨ ᠡᠷᠳᠡᠨᠢ ᠰᠢᠰᠢ ᠶᠢᠨ ᠦᠷ᠎ᠡ ᠦᠢᠯᠡᠳᠬᠦ ᠰᠠᠭᠤᠷᠢᠨ ᠭᠠᠵᠠᠷ᠂ ᠡᠭᠦᠯᠳᠡᠷ ᠤᠨ ᠲᠤᠷᠰᠢᠯᠲᠠ ᠶᠢᠨ ᠰᠠᠭᠤᠷᠢᠨ ᠭᠠᠵᠠᠷ ᠵᠡᠷᠭᠡ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠤᠯᠠᠭᠠᠨᠬᠠᠳᠠ ᠬᠤᠲᠠ ᠶᠢᠨ ᠦᠷ᠎ᠡ ᠶᠢᠨ ᠦᠢᠯᠡᠰ ᠤᠨ ᠦᠷ᠎ᠡ ᠪᠣᠶᠢᠵᠢᠭᠤᠯᠬᠤ ᠰᠢᠨ᠎ᠡ ᠶᠢ ᠡᠭᠦᠳᠬᠦ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠤᠨ ᠲᠥᠷᠥ ᠶᠢᠨ ᠪᠣᠳᠣᠯᠭ᠎ᠠ᠂ ᠠᠵᠤ ᠠᠬᠤᠶᠢᠯᠠᠯ ᠤᠨ ᠬᠥᠭᠵᠢᠯᠲᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠵᠤᠤ ᠴᠢᠩ ᠤᠯᠠᠭᠠᠨᠬᠠᠳᠠ ᠬᠤᠳᠠ ᠶᠢᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠬᠤᠶᠠᠷ ᠲᠠᠯ᠎ᠠ ᠪᠠᠷ ᠢᠶᠠᠨ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ᠂ ᠡᠭᠦᠯᠳᠡᠷ ᠢ ᠰᠤᠳᠤᠯᠤᠨ ᠨᠡᠭᠡᠭᠡᠬᠦ᠂ ᠦᠷ᠎ᠡ ᠪᠣᠶᠢᠵᠢᠭᠤᠯᠬᠤ ᠮᠡᠷᠭᠡᠵᠢᠯ ᠵᠢᠴᠢ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠪᠡ᠃      ᠽᠦᠸᠧ ᠬᠤᠢ ᠵᠦᠩ ᠠᠴᠠ ᠬᠤᠷᠢᠶᠠᠨ ᠳᠠᠷᠤᠭ᠎ᠠ ᠵᠤᠤ ᠴᠢᠩ ᠨᠠᠷ ᠤᠨ ᠤᠯᠠᠭᠠᠨᠬᠠᠳᠠ ᠬᠤᠳᠠ ᠳᠤ ᠬᠦᠷᠦᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠤᠯᠠᠭᠠᠨᠬᠠᠳᠠ ᠬᠤᠳᠠ ᠶᠢᠨ ᠡᠬᠢ ᠪᠠᠶᠠᠯᠢᠭ ᠡᠯᠪᠡᠭ᠂ ᠲᠠᠷᠢᠶᠠᠯᠠᠩ ᠤᠨ ᠰᠠᠭᠤᠷᠢ ᠪᠠᠬᠢ᠂ ᠦᠷ᠎ᠡ ᠶᠢᠨ ᠦᠢᠯᠡᠰ ᠤᠨ ᠨᠥᠬᠦᠴᠡᠯ ᠳᠠᠪᠠᠭᠤᠯᠢᠭ᠂ ᠬᠤᠶᠠᠷ ᠲᠠᠯ᠎ᠠ ᠪᠠᠷ ᠢᠶᠠᠨ ᠨᠢᠭᠲᠠ ᠬᠠᠮᠲᠤᠷᠠᠯᠴᠠᠬᠤ ᠲᠣᠭᠲᠠᠴᠠ ᠶᠢ ᠪᠠᠶᠢᠭᠤᠯᠬᠤ ᠨᠢ ᠬᠤᠶᠠᠷ ᠭᠠᠵᠠᠷ ᠤᠨ ᠦᠷ᠎ᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ ᠭᠡᠵᠦ ᠵᠢᠭᠠᠵᠤ ᠭᠠᠷᠭᠠᠪᠠ᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠵᠤ᠂ ᠬᠤᠶᠠᠷ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠭᠦᠯᠦᠨ᠎ᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号