ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 6 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ︽ᠰᠢᠶᠦ᠋ᠩ | ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠳᠡᠮᠵᠢᠬᠦ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠰᠠᠨᠠᠯ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠰᠢ ᠶᠢᠨ ᠫᠢᠩ ᠬᠤᠷᠠᠯ ᠢ ᠡᠷᠭᠢᠯᠡᠵᠡᠢ᠃ | ᠬᠤᠷᠠᠯ ᠠᠴᠠ᠂ ᠰᠢᠶᠦ᠋ᠩ ᠠᠨ ᠰᠢᠨ᠎ᠡ ᠲᠣᠭᠤᠷᠢᠭ ᠢ ᠪᠠᠶᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠬᠤ᠂ ᠪᠡᠭᠡᠵᠢᠩ | ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠢᠨ ᠲᠥᠯᠥᠭᠡ ᠭᠠᠷᠭᠠᠭᠰᠠᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠᠶᠢᠵᠤ᠂ ᠮᠢᠩᠭᠠᠨ ᠣᠨ ᠤ ᠶᠡᠭᠡ ᠪᠣᠳᠣᠯᠭ᠎ᠠ᠂ ᠤᠯᠤᠰ ᠤᠨ ᠶᠡᠭᠡ ᠶᠠᠪᠤᠳᠠᠯ | ᠪᠣᠯᠣᠨ᠎ᠠ᠃ ᠣᠳᠣᠬᠠᠨ ᠳᠤ᠂ ᠰᠢᠶᠦ᠋ᠩ ᠠᠨ ᠰᠢᠨ᠎ᠡ ᠲᠣᠭᠤᠷᠢᠭ ᠤᠨ ᠠᠵᠢᠯ ᠤᠨ ᠭᠤᠣᠯᠳᠠᠯᠭ᠎ᠠ ᠨᠢᠭᠡᠨᠲᠡ ᠴᠢᠨᠠᠷ ᠰᠠᠶᠢᠲᠠᠢ | ᠪᠦᠲᠦᠭᠡᠨ ᠪᠠᠶᠢᠭᠤᠯᠤᠯᠲᠠ᠂ ᠥᠨᠳᠥᠷ ᠲᠦᠪᠰᠢᠨ ᠪᠦᠬᠦᠢ ᠬᠠᠮᠢᠶᠠᠷᠤᠯᠲᠠ᠂ ᠴᠢᠨᠠᠷ ᠰᠠᠶᠢᠲᠠᠢ ᠪᠠᠷ ᠲᠠᠷᠬᠠᠭᠠᠨ ᠵᠣᠬᠢᠴᠠᠭᠤᠯᠬᠤ | ᠬᠥᠭᠵᠢᠯᠲᠡ ᠶᠢ ᠵᠡᠷᠭᠡ ᠪᠠᠷ ᠴᠢᠬᠤᠯᠠᠴᠢᠯᠠᠬᠤ ᠲᠡᠶᠢᠰᠢ ᠰᠢᠯᠵᠢᠵᠦ᠂ ᠪᠦᠭᠦᠨ ᠢ ᠬᠠᠮᠤᠷᠤᠭᠰᠠᠨ ᠳᠡᠮᠵᠢᠯᠭᠡ ᠶᠢᠨ ᠲᠦᠷᠦ ᠶᠢᠨ | ᠪᠣᠳᠣᠯᠭ᠎ᠠ ᠶᠢ ᠲᠣᠭᠲᠠᠭᠠᠨ ᠨᠡᠶᠢᠲᠡᠯᠡᠬᠦ ᠨᠢ ᠰᠢᠶᠦ᠋ᠩ ᠠᠨ ᠰᠢᠨ᠎ᠡ ᠲᠣᠭᠤᠷᠢᠭ ᠤᠨ ᠪᠡᠭᠡᠵᠢᠩ ᠤᠨ ᠨᠡᠶᠢᠰᠯᠡᠯ ᠤᠨ ᠪᠤᠰᠤ | ᠴᠢᠳᠠᠮᠵᠢ ᠶᠢ ᠲᠠᠷᠬᠠᠭᠠᠨ ᠵᠣᠬᠢᠴᠠᠭᠤᠯᠬᠤ ᠪᠠ ᠶᠡᠭᠡ ᠬᠡᠪᠴᠢᠶ᠎ᠡ ᠪᠠᠷ ᠪᠠᠶᠢᠭᠤᠯᠤᠨ ᠬᠥᠭᠵᠢᠭᠦᠯᠬᠦ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ | ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠰᠢᠶᠦ᠋ᠩ ᠠᠨ ᠰᠢᠨ᠎ᠡ ᠲᠣᠭᠤᠷᠢᠭ ᠤᠨ ᠣᠳᠣᠬᠢ ᠱᠠᠲᠤᠨ ᠤ ᠪᠣᠳᠠᠲᠠᠢ ᠬᠡᠷᠡᠭᠴᠡᠭᠡ ᠲᠠᠢ | ᠤᠶᠠᠯᠳᠤᠭᠤᠯᠤᠨ᠂ ᠬᠥᠮᠥᠰ ᠤᠨ ᠠᠰᠢᠭ ᠲᠤᠰᠠ ᠪᠠ ᠬᠠᠯᠠᠮᠵᠢᠯᠠᠵᠤ ᠪᠠᠶᠢᠭ᠎ᠠ ᠠᠰᠠᠭᠤᠳᠠᠯ ᠢ ᠲᠠᠷᠬᠠᠭᠠᠨ ᠵᠣᠬᠢᠴᠠᠭᠤᠯᠬᠤ ᠶᠢᠨ | ᠲᠣᠭᠤᠷᠢᠨ ᠳᠤ ᠴᠢᠭᠯᠡᠭᠦᠯᠦᠯᠲᠦ ᠴᠢᠨᠠᠷᠲᠠᠢ ᠪᠠᠷ ᠳᠡᠮᠵᠢᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠯᠠᠪᠳᠠᠭᠤᠨ ᠪᠥᠭᠡᠳ ᠡᠮᠬᠢ | ᠵᠢᠷᠤᠮ ᠲᠠᠢ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠪᠡᠯᠭᠡ ᠲᠡᠮᠳᠡᠭ ᠤᠨ ᠴᠢᠨᠠᠷᠲᠠᠢ ᠲᠠᠷᠬᠠᠭᠠᠨ | ᠵᠣᠬᠢᠴᠠᠭᠤᠯᠬᠤ ᠲᠦᠷᠦᠯ ᠵᠦᠢᠯ ᠢ ᠰᠢᠶᠦ᠋ᠩ ᠠᠨ ᠰᠢᠨ᠎ᠡ ᠲᠣᠭᠤᠷᠢᠭ ᠲᠤ ᠨᠤᠲᠤᠭᠰᠢᠭᠤᠯᠤᠨ ᠪᠦᠲᠦᠭᠡᠨ ᠪᠠᠶᠢᠭᠤᠯᠬᠤ ᠶᠢ | ᠦᠷᠭᠦᠯᠵᠢᠯᠡᠨ ᠠᠬᠢᠭᠤᠯᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠢᠳᠡᠪᠬᠢᠲᠡᠢ | ᠰᠦᠪᠡᠭᠴᠢᠯᠡᠨ ᠵᠢᠷᠤᠮᠯᠠᠵᠤ᠂ ᠠᠷᠪᠢᠲᠠᠢ ᠡᠷᠴᠢᠮᠯᠢᠭ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠᠶᠢᠬᠤ ᠶᠢ | ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠪᠠ ᠠᠶᠢᠵᠠᠮ ᠢ ᠵᠣᠬᠢᠰᠲᠠᠢ ᠡᠵᠡᠮᠳᠡᠵᠦ᠂ ︽ᠰᠢᠶᠦ᠋ᠩ ᠠᠨ ᠤ | ᠶᠠᠰᠤ ᠴᠢᠨᠠᠷ︾ ᠢ ᠡᠭᠦᠳᠬᠦ ᠬᠡᠷᠡᠭᠲᠡᠢ᠃ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ᠂ ᠤᠷᠢᠳ ᠢᠶᠠᠷ ᠬᠡᠷᠡᠭᠵᠢᠭᠦᠯᠵᠦ | ᠤᠷᠢᠳ ᠢᠶᠠᠷ ᠲᠤᠷᠰᠢᠬᠤ ᠶᠢ ᠪᠠᠷᠢᠮᠲᠠᠯᠠᠵᠤ᠂ ᠣᠳᠣᠬᠠᠨ ᠤ ᠪᠠ ᠠᠯᠤᠰ ᠭᠡᠳᠤ ᠶᠢᠨ᠂ ᠵᠠᠰᠠᠭ ᠤᠨ ᠣᠷᠳᠣᠨ ᠪᠠ ᠵᠠᠬ᠎ᠠ | ᠳᠡᠯᠭᠡᠭᠦᠷ ᠵᠡᠷᠭᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠤᠯᠪᠣᠭᠳᠠᠯ ᠪᠦᠬᠦᠢ ᠬᠦᠷᠢᠶᠡᠨ ᠤ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠰᠢᠶᠦ᠋ᠩ ᠠᠨ ᠰᠢᠨ᠎ᠡ ᠲᠣᠭᠤᠷᠢᠭ ᠲᠤ ᠨᠠᠶᠢᠳᠠᠪᠤᠷᠢᠵᠢᠭᠤᠯᠵᠤ | ᠬᠡᠷᠡᠭᠵᠢᠭᠦᠯᠬᠦ ᠶᠢ ᠴᠢᠭᠯᠡᠭᠦᠯᠦᠯᠲᠦ ᠴᠢᠨᠠᠷᠲᠠᠢ ᠪᠠᠷ ᠠᠬᠢᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠳᠡᠭᠡᠳᠦ | ᠲᠡᠰ ᠤᠨ ᠳᠡᠭᠡᠳᠦ ᠰᠢᠨ᠎ᠡ ᠠᠵᠤ ᠦᠢᠯᠡᠰ ᠢ ᠬᠥᠭᠵᠢᠭᠦᠯᠵᠦ᠂ ᠰᠢᠶᠦ᠋ᠩ ᠠᠨ ᠰᠢᠨ᠎ᠡ ᠲᠣᠭᠤᠷᠢᠭ ᠤᠨ ᠲᠤᠰ ᠪᠡᠶ᠎ᠡ ᠶᠢᠨ | ᠪᠠᠶᠢᠭᠤᠯᠤᠯᠲᠠ ᠬᠥᠭᠵᠢᠯᠲᠡ ᠶᠢᠨ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠬᠤᠳᠠ ᠶᠢᠨ | ᠵᠠᠰᠠᠯᠲᠠ ᠶᠢᠨ ᠪᠦᠲᠦᠴᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠳᠦᠷᠢᠮ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠶᠦ᠋ᠩ ᠠᠨ ᠰᠢᠨ᠎ᠡ ᠲᠣᠭᠤᠷᠢᠭ ᠤᠨ ᠢᠷᠡᠭᠡᠳᠦᠢ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠤᠷᠢᠳᠠᠴᠢ ᠲᠥᠯᠥᠪᠯᠡᠭᠡ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ | ᠲᠠᠢ ᠣᠳᠣᠬᠢᠴᠢᠯᠠᠭᠰᠠᠨ ᠬᠤᠳᠠ ᠶᠢᠨ ᠵᠠᠰᠠᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠪᠦᠭᠦ ᠶᠠᠪᠤᠴᠠ᠂ ᠡᠯ᠎ᠡ ᠬᠦᠷᠢᠶ᠎ᠡ᠂ ᠡᠯ᠎ᠡ ᠭᠤᠭᠴᠤᠭ᠎ᠠ ᠳᠤ ᠨᠠᠮ ᠤᠨ ᠤᠳᠤᠷᠢᠳᠤᠯᠭ᠎ᠠ ᠶᠢ ᠲᠤᠭᠤᠰᠢᠯᠠᠭᠤᠯᠵᠤ᠂ | ᠰᠢᠶᠦ᠋ᠩ ᠠᠨ ᠰᠢᠨ᠎ᠡ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ ᠪᠠᠭ ᠤᠨ | ᠪᠠᠶᠢᠭᠤᠯᠤᠯᠲᠠ ᠶᠢ ᠴᠢᠩᠭᠠᠳᠬᠠᠵᠤ᠂ ᠬᠥᠮᠥᠨ ᠰᠣᠩᠭᠤᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠤᠯᠤᠰ | ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠥᠭᠡᠷᠡᠴᠢᠯᠡᠯᠲᠡ ᠶᠢᠨ ᠤᠬᠠᠮᠰᠠᠷ ᠢᠶᠠᠷ ᠴᠢᠩᠭ᠎ᠠ᠂ ᠴᠢᠳᠠᠪᠤᠷᠢ ᠶᠢᠨ ᠲᠦᠪᠰᠢᠨ ᠢᠶᠠᠷ | ᠥᠨᠳᠥᠷ᠂ ᠵᠣᠷᠢᠭᠲᠠᠢ ᠬᠢᠵᠦ ᠵᠣᠷᠢᠭᠲᠠᠢ ᠠᠵᠢᠯᠯᠠᠬᠤ᠂ ᠲᠥᠪ ᠭᠤᠣᠯᠴᠢ ᠠᠷᠢᠭᠤᠨ ᠴᠢᠬᠡᠴᠢ ᠥᠨᠳᠥᠷ ᠬᠡᠪ | ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠾᠧᠪᠧᠢ ᠮᠤᠵᠢ ᠶᠢᠨ ᠬᠢᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠬᠢᠨ ᠬᠠᠷᠢᠶ᠎ᠠ | ᠭᠠᠵᠠᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠯᠪᠣᠭᠳᠠᠯ ᠪᠦᠬᠦᠢ ᠣᠷᠣᠨ ᠨᠤᠲᠤᠭ ᠤᠨ ᠬᠢᠨ ᠢᠳᠡᠪᠬᠢᠲᠡᠢ ᠳᠡᠮᠵᠢᠵᠦ᠂ | ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠰᠠᠨᠠᠭᠠᠴᠢᠯᠠᠭ᠎ᠠ ᠠᠴᠠ ᠪᠠᠨ ᠵᠢᠯᠣᠭᠤᠳᠤᠨ ᠦᠢᠯᠡᠴᠢᠯᠡᠵᠦ᠂ ᠠᠳᠠᠯᠢ ᠴᠢᠭᠯᠡᠯ ᠢᠶᠠᠷ ᠬᠦᠴᠦᠯᠡᠵᠦ᠂ ᠬᠠᠮᠲᠤᠷᠠᠯ ᠬᠦᠴᠦᠨ ᠢ | ᠪᠦᠷᠢᠯᠳᠦᠭᠦᠯᠵᠦ᠂ ᠪᠦᠲᠦᠭᠡᠯᠴᠢ ᠴᠢᠨᠠᠷᠲᠠᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠲᠤᠴᠢ ᠴᠢᠨᠠᠷᠲᠠᠢ ᠪᠠᠷ | ᠳ᠋ᠦᠩᠨᠡᠨ ᠦᠨᠡᠯᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠦᠨᠡᠨ ᠬᠦ ᠪᠠᠲᠤᠯᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ | ᠬᠥᠭᠵᠢᠯᠲᠡ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠵᠤ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 30 ᠤ ᠴᠠᠭᠢᠯᠭᠠᠨ ᠮᠡᠳᠡᠭᠡ︶ |