ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠭᠠᠵᠠᠷ 2023 ᠣᠨ ᠤ ᠪᠥᠬᠦ ᠣᠷᠣᠨ ᠤ ᠲᠠᠷᠢᠶᠠᠯᠠᠩ ᠷᠠᠳᠢᠣ᠋ ᠲᠧᠯᠸᠢᠰ ᠤᠨ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ︽ᠶᠡᠭᠡ ᠮᠦᠷᠦᠶᠢᠴᠡᠭᠡᠨ︾ ᠤ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2023/7/31
      ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ  ᠶᠢ ᠯᠠᠪᠳᠠᠭᠤᠨ ᠪᠠᠲᠤᠲᠠᠢ ᠠᠬᠢᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠬᠤᠢ ᠪᠠᠶᠢᠳᠠᠯ ᠳᠣᠣᠷᠠᠬᠢ ᠪᠣᠯᠪᠠᠰᠤᠷᠠᠯ ᠤᠨ ᠵᠠᠭᠪᠤᠷ ᠪᠣᠯᠣᠨ ᠵᠢᠭᠠᠨ ᠰᠤᠷᠭᠠᠯᠲᠠ ᠶᠢᠨ ᠠᠷᠭ᠎ᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠪᠥᠬᠦ ᠣᠷᠣᠨ ᠤ ᠲᠠᠷᠢᠶᠠᠯᠠᠩ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ ᠢᠶᠠᠷ ᠲᠦᠷᠦᠭᠦᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠭᠠᠵᠠᠷ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ︶ 7 ᠰᠠᠷ᠎ᠠ ᠶᠢᠨ 25 ᠤ ᠡᠳᠦᠷ ᠠᠴᠠ 7 ᠰᠠᠷ᠎ᠠ ᠶᠢᠨ 28 ᠤ ᠡᠳᠦᠷ ᠪᠣᠯᠲᠠᠯ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠥᠬᠦ ᠣᠷᠣᠨ ᠤ ᠲᠠᠷᠢᠶᠠᠯᠠᠩ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮ ᠤᠨ ᠪᠠᠭᠰᠢ ᠶᠢᠨ ᠡᠩᠨᠡᠭᠡ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ︽ᠶᠡᠭᠡ ᠮᠦᠷᠦᠶᠢᠴᠡᠭᠡᠨ︾ ᠤ ᠠᠵᠢᠯᠯᠠᠭ᠎ᠠ ᠡᠷᠭᠢᠯᠡᠪᠡ᠃
1.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠠᠩ ᠴᠠᠩ ᠴᠦᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠮᠠ ᠰᠢᠶᠣᠣ ᠶᠦᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠾᠧ ᠯᠦᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠯᠢ ᠵᠧᠩ ᠶᠢᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠭᠠᠵᠠᠷ ᠤᠨ ᠳᠠᠷᠤᠭ᠎ᠠ ᠪᠠᠨ ᠢ ᠴᠧᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠭᠠᠵᠠᠷ ᠤᠨ ᠳᠡᠳ᠋ ᠳᠠᠷᠤᠭ᠎ᠠ ᠱᠢ ᠶᠦᠨ ᠹᠧᠩ ᠵᠡᠷᠭᠡ ᠤᠳᠤᠷᠢᠳᠤᠯᠭ᠎ᠠ ᠰᠤᠷᠤᠯᠭ᠎ᠠ ᠡᠬᠢᠯᠡᠬᠦ ᠶᠣᠰᠣᠯᠠᠯ ᠳᠤ ᠣᠷᠤᠯᠴᠠᠵᠤ᠂ ᠰᠤᠷᠤᠯᠭ᠎ᠠ ᠡᠬᠢᠯᠡᠬᠦ ᠶᠣᠰᠣᠯᠠᠯ ᠢ ᠭᠠᠵᠠᠷ ᠤᠨ ᠳᠠᠷᠤᠭ᠎ᠠ ᠪᠠᠨ ᠢ ᠴᠧᠩ ᠡᠷᠭᠢᠯᠡᠪᠡ᠃ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠠᠩ ᠴᠠᠩ ᠴᠦᠨ ᠲᠤᠰ ᠤᠳᠠᠭᠠᠨ ᠤ ᠶᠡᠭᠡ ᠮᠥᠷᠥᠶᠢᠴᠡᠭᠡᠨ ᠢ ᠮᠠᠰᠢ ᠴᠢᠬᠤᠯᠠᠴᠢᠯᠠᠨ ᠦᠵᠡᠵᠦ᠂ ᠠᠵᠢᠯᠯᠠᠭ᠎ᠠ ᠶᠢᠨ ᠠᠭᠤᠯᠭ᠎ᠠ ᠪᠣᠯᠣᠨ ᠤᠷᠤᠯᠳᠤᠭᠠᠨ ᠤ ᠵᠢᠷᠤᠮ ᠤᠨ ᠲᠠᠯ᠎ᠠ ᠪᠠᠷ ᠲᠤᠰᠬᠠᠢ ᠵᠢᠭᠠᠪᠤᠷᠢ ᠭᠠᠷᠭᠠᠭᠰᠠᠨ ᠪᠥᠭᠡᠳ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ ᠨᠢᠭᠡ ᠳᠤ ᠵᠣᠭᠰᠣᠴᠠ ᠪᠠᠨ ᠳᠡᠭᠡᠭᠰᠢᠯᠡᠭᠦᠯᠵᠦ᠂ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠬᠤᠶᠠᠷ ᠲᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠭᠤᠷᠪᠠ ᠳᠤ ᠰᠣᠷᠣᠭᠰᠠᠨ ᠢᠶᠠᠨ ᠬᠡᠷᠡᠭᠯᠡᠵᠦ᠂ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠯ ᠤᠨ ᠠᠵᠢᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠵᠠᠢ᠃
2.png
       ᠪᠦᠬᠦ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮ ᠤᠨ 10 ᠠᠶᠢᠮᠠᠭ ᠬᠤᠲᠠ ᠶᠢᠨ 24 ᠬᠤᠰᠢᠭᠤ ᠰᠢᠶᠠᠨ ᠤ 59 ᠲᠤᠰᠬᠠᠢ ᠲᠤᠰᠢᠶᠠᠯᠲᠤ ᠪᠠᠭᠰᠢ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠡᠯ᠎ᠡ ᠠᠶᠢᠮᠠᠭ ᠬᠤᠲᠠ ᠶᠢᠨ ᠤᠷᠤᠯᠳᠤᠭᠠᠨ ᠳᠤ ᠣᠷᠣᠯᠴᠠᠭᠰᠠᠳ PPT ᠬᠡᠯᠪᠡᠷᠢ ᠶᠢᠨ ᠵᠢᠭᠠᠨ ᠰᠤᠷᠭᠠᠯᠲᠠ ᠶᠢᠨ ᠬᠢᠴᠢᠶᠡᠯ ᠢᠶᠠᠨ ᠠᠪᠴᠤ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠵᠠᠭᠪᠤᠷ ᠢᠶᠠᠷ ᠤᠷᠤᠯᠳᠤᠭᠠᠨ ᠳᠤ ᠣᠷᠣᠯᠴᠠᠵᠤ᠂ ᠰᠢᠯᠭᠠᠷᠠᠭᠤᠯᠬᠤ ᠺᠣᠮᠢᠰ ᠤᠨ ᠭᠡᠰᠢᠭᠦᠨ ᠲᠤᠬᠠᠢ ᠶᠢᠨ ᠲᠠᠯᠠᠪᠤᠷ ᠲᠤ ᠬᠤᠪᠢ ᠥᠭᠬᠦ ᠬᠡᠯᠪᠡᠷᠢ ᠪᠠᠷ ᠤᠷᠤᠯᠳᠤᠭᠠᠨ ᠳᠤ ᠣᠷᠣᠯᠴᠠᠭᠰᠠᠨ ᠪᠠᠭᠰᠢ ᠶᠢᠨ ᠵᠢᠭᠠᠨ ᠰᠤᠷᠭᠠᠯᠲᠠ ᠶᠢᠨ ᠠᠭᠤᠯᠭ᠎ᠠ᠂ ᠵᠢᠭᠠᠨ ᠰᠤᠷᠭᠠᠯᠲᠠ ᠶᠢᠨ ᠠᠷᠭ᠎ᠠ᠂ ᠬᠢᠴᠢᠶᠡᠯ ᠤᠨ ᠵᠦᠢᠯ ᠢ ᠦᠢᠯᠡᠳᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠪᠠᠭᠰᠢ ᠶᠢᠨ ᠬᠡᠪ ᠪᠣᠯᠪᠠᠰᠤᠷᠠᠯ ᠵᠡᠷᠭᠡ ᠲᠠᠯ᠎ᠠ ᠶᠢ ᠶᠡᠷᠦᠩᠬᠡᠶᠢᠯᠡᠨ ᠰᠢᠯᠭᠠᠷᠠᠭᠤᠯᠵᠤ᠂ ᠣᠯᠠᠨ ᠡᠳᠦᠷ ᠤᠨ ᠭᠤᠶᠢᠳᠠ ᠰᠠᠶᠢᠬᠠᠨ ᠥᠷᠢᠰᠦᠯᠳᠦᠭᠡᠨ ᠢᠶᠠᠷ ᠳᠡᠮᠵᠢᠨ᠂ ᠰᠢᠯᠭᠠᠷᠠᠭᠤᠯᠬᠤ ᠺᠣᠮᠢᠰ ᠤᠨ ᠳᠤᠭᠤᠶᠢᠯᠠᠩ ᠤᠨ ᠬᠢᠨ ᠡᠷᠬᠡ ᠲᠡᠭᠰᠢ᠂ ᠲᠥᠪ ᠭᠤᠥᠯᠴᠢ᠂ ᠢᠯᠡ ᠲᠣᠳᠣ ᠦᠨᠡᠯᠡᠬᠦ ᠵᠠᠷᠴᠢᠮ ᠢ ᠪᠠᠷᠢᠮᠲᠠᠯᠠᠨ᠂ ᠡᠴᠦᠰ ᠲᠡᠭᠡᠨ ᠬᠤᠪᠢ ᠬᠥᠮᠥᠨ ᠤ ᠨᠢᠭᠡᠳᠦᠭᠡᠷ ᠳᠡᠰ ᠤᠨ ᠱᠠᠩᠨᠠᠯ ᠳᠤ 4 ᠬᠥᠮᠥᠨ᠂ ᠬᠤᠶᠠᠳᠤᠭᠠᠷ ᠳᠡᠰ ᠤᠨ ᠱᠠᠩᠨᠠᠯ ᠳᠤ 8 ᠬᠥᠮᠥᠨ᠂ ᠭᠤᠷᠪᠠᠳᠤᠭᠠᠷ ᠳᠡᠰ ᠤᠨ ᠱᠠᠩᠨᠠᠯ ᠳᠤ 12 ᠬᠥᠮᠥᠨ ᠢ ᠰᠢᠯᠭᠠᠷᠠᠭᠤᠯᠤᠨ ᠭᠠᠷᠭᠠᠪᠠ᠃ 7 ᠬᠠᠮᠲᠤ ᠶᠢᠨ ᠱᠠᠩᠨᠠᠯ ᠤᠨ ᠵᠦᠢᠯ ᠢ ᠰᠢᠯᠭᠠᠷᠠᠭᠤᠯᠤᠨ ᠭᠠᠷᠭᠠᠪᠠ᠃      ᠡᠯ᠎ᠡ ᠠᠶᠢᠮᠠᠭ ᠬᠤᠳᠠ ᠶᠢᠨ ᠲᠥᠯᠥᠭᠡᠯᠡᠭᠴᠢᠳ ᠤᠨ ᠠᠩᠭᠢ ᠬᠦᠴᠦ ᠪᠠᠨ ᠬᠠᠮᠲᠤᠳᠬᠠᠵᠤ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ᠂ ᠤᠷᠤᠯᠳᠤᠭᠠᠨ ᠢᠶᠠᠷ ᠰᠤᠳᠤᠯᠭᠠᠨ ᠢ ᠠᠬᠢᠭᠤᠯᠬᠤ᠂ ᠤᠷᠤᠯᠳᠤᠭᠠᠨ ᠢᠶᠠᠷ ᠪᠠᠶᠢᠭᠤᠯᠤᠯᠲᠠ ᠶᠢ ᠠᠬᠢᠭᠤᠯᠬᠤ᠂ ᠤᠷᠤᠯᠳᠤᠭᠠᠨ ᠢᠶᠠᠷ ᠥᠭᠡᠷᠡᠴᠢᠯᠡᠯᠲᠡ ᠶᠢ ᠠᠬᠢᠭᠤᠯᠬᠤ︾ ᠠᠵᠢᠯᠯᠠᠭ᠎ᠠ ᠶᠢᠨ ᠭᠤᠣᠯ ᠵᠣᠷᠢᠯᠲᠠ ᠶᠢ ᠦᠢᠯᠡᠳᠦᠯᠭᠡᠵᠢᠭᠦᠯᠵᠡᠢ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠨᠢᠭᠡ ᠳᠤ ᠲᠤᠰᠬᠠᠢ ᠲᠤᠰᠢᠶᠠᠯᠲᠤ ᠪᠠᠭᠰᠢ ᠶᠢᠨ ᠤᠯᠤᠰ ᠲᠥᠷᠥ ᠶᠢᠨ ᠵᠣᠭᠰᠣᠴᠠ ᠶᠢ ᠳᠡᠭᠡᠭᠰᠢᠯᠡᠭᠦᠯᠵᠦ᠂ ᠲᠡᠳᠡᠨ ᠳᠤ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠭᠦᠢᠴᠡᠳ ᠲᠠᠨᠢᠯᠴᠠᠭᠤᠯᠪᠠ᠃ ᠬᠤᠶᠠᠷ ᠲᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮ ᠤᠨ ᠲᠤᠰᠬᠠᠢ ᠲᠤᠰᠢᠶᠠᠯᠲᠤ ᠪᠠᠭᠰᠢ ᠶᠢᠨ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ ᠳᠤ ᠢᠳᠡᠪᠬᠢᠲᠡᠢ ᠣᠷᠣᠯᠴᠠᠬᠤ ᠶᠢ ᠨᠠᠩ ᠰᠠᠶᠢᠲᠤᠷ ᠲᠦᠯᠬᠢᠨ ᠠᠬᠢᠭᠤᠯᠵᠤ᠂ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮ ᠳᠤ ︽ᠶᠡᠭᠡ ᠪᠠᠷ ᠰᠤᠷᠤᠯᠴᠠᠬᠤ᠂ ᠶᠡᠭᠡ ᠪᠠᠷ ᠴᠡᠷᠢᠭ ᠪᠣᠯᠪᠠᠰᠤᠷᠠᠭᠤᠯᠬᠤ᠂ ᠬᠡᠪ ᠴᠢᠨᠠᠷ ᠢ ᠳᠡᠭᠡᠭᠰᠢᠯᠡᠭᠦᠯᠬᠦ᠂ ᠳᠦᠷᠢ ᠲᠥᠷᠬᠦ ᠶᠢ ᠪᠣᠶ ᠪᠣᠯᠭᠠᠬᠤ︾ ᠬᠠᠯᠠᠭᠤᠨ ᠥᠷᠨᠢᠯᠲᠡ ᠭᠠᠷᠭᠠᠪᠠ᠃ ᠭᠤᠷᠪᠠ ᠳᠤ ᠲᠤᠰᠬᠠᠢ ᠲᠤᠰᠢᠶᠠᠯᠲᠤ ᠪᠠᠭᠰᠢ ᠨᠠᠷ ᠲᠤ ᠰᠤᠷᠤᠯᠴᠠᠯᠭ᠎ᠠ ᠶᠢᠨ ᠪᠠᠴᠢᠮ ᠲᠤᠯᠭᠠᠮ᠎ᠠ ᠰᠡᠳᠬᠢᠯᠭᠡ ᠶᠢ ᠲᠠᠨᠢᠭᠤᠯᠵᠤ᠂ ᠡᠩ ᠤᠨ ᠦᠶ᠎ᠡ ᠳᠤ ᠢᠯᠡᠭᠦᠬᠡᠨ ᠬᠦᠴᠦ ᠣᠷᠣᠭᠤᠯᠵᠤ ᠳᠣᠲᠣᠷ ᠲᠠᠮᠢᠷ ᠢᠶᠠᠨ ᠬᠠᠲᠠᠭᠤᠵᠢᠯᠲᠠᠢ ᠪᠣᠯᠪᠠᠰᠤᠷᠠᠭᠤᠯᠬᠤ ᠶᠢᠨ ᠴᠢᠬᠤᠯᠠ ᠴᠢᠨᠠᠷ ᠢ ᠲᠠᠨᠢᠯᠴᠠᠭᠤᠯᠪᠠ᠃ ᠳᠥᠷᠪᠡ ᠳᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠰᠣᠯᠢᠯᠴᠠᠭ᠎ᠠ ᠶᠢ ᠥᠷᠭᠡᠳᠬᠡᠵᠦ᠂ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠪᠠ᠃ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠯ ᠤᠨ ︽ᠳᠠᠭᠠᠭᠤᠯᠤᠭᠴᠢ︾ ᠪᠣᠯᠤᠭᠰᠠᠨ ᠤ ᠬᠤᠪᠢ ᠳᠤ ᠰᠤᠷᠤᠯᠴᠠᠯᠭ᠎ᠠ ᠪᠠᠨ ᠨᠡᠩ ᠴᠢᠩᠭᠠᠳᠬᠠᠵᠤ᠂ ᠰᠤᠷᠤᠯᠴᠠᠯᠭ᠎ᠠ ᠶᠢᠨ ᠳᠤᠮᠳᠠ ᠪᠠᠨ ᠮᠡᠳᠡᠯᠭᠡ ᠪᠠᠨ ᠨᠡᠮᠡᠭᠳᠡᠭᠦᠯᠵᠦ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠠᠵᠢᠯ ᠤᠨ ᠳᠤᠮᠳᠠ ᠪᠠᠨ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠤᠯᠠᠨ ᠬᠢᠷᠢ ᠲᠡᠩᠴᠡᠭᠰᠡᠨ ᠴᠢᠳᠠᠪᠤᠷᠢᠲᠠᠨ ᠢ ᠬᠥᠮᠥᠵᠢᠭᠦᠯᠵᠦ ᠥᠭᠬᠦ ᠪᠠᠷ ᠴᠢᠷᠮᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号