ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠬᠦᠭᠵᠢᠭᠡᠮᠦᠢ
ᠨᠡᠶᠢᠲᠡᠯᠡᠭᠰᠡᠨ ᠴᠠᠭ᠄
2023/7/31
      ᠪᠤᠭᠤᠲᠤ ᠬᠤᠳᠠ ᠶᠢᠨ ᠵᠢᠤᠶᠤᠸᠠᠨ ᠲᠣᠭᠤᠷᠢᠭ ᠤᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠵᠢᠷᠤᠮᠵᠢᠭᠤᠯᠤᠨ ᠪᠠᠶᠢᠭᠤᠯᠬᠤ ᠲᠦᠪᠰᠢᠨ ᠪᠣᠯᠣᠨ ᠬᠠᠮᠲᠤᠷᠠᠨ ᠠᠵᠢᠯᠯᠠᠬᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠬᠤᠷᠰᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠬᠦ ᠶᠢᠨ ᠲᠥᠯᠥᠭᠡ᠂ 7 ᠰᠠᠷ᠎ᠠ ᠶᠢᠨ 27 ᠤ ᠡᠳᠦᠷ᠂ ᠵᠢᠤᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠤᠭᠤᠲᠤ ᠬᠤᠳᠠ ᠶᠢᠨ ᠭᠤᠸᠠᠩ ᠾᠧᠩ ᠲᠠᠷᠢᠶᠠᠴᠢᠨ ᠤ ᠬᠤᠷᠰᠢᠶ᠎ᠠ ᠶᠢᠨ ᠬᠤᠶᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠬᠢᠯᠡᠪᠡ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠣᠨᠣᠯ ᠢᠶᠠᠷ ᠬᠢᠴᠢᠶᠡᠯᠯᠡᠬᠦ᠂ ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠦᠷᠨᠢᠭᠦᠯᠪᠡ᠃ ᠵᠢᠤᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠫᠷᠤᠹᠧᠰᠰᠤᠷ ᠼᠤᠤ ᠷᠦᠢ ᠯᠢᠶᠠᠩ ᠢ ᠣᠨᠴᠠ ᠤᠷᠢᠵᠤ ᠬᠤᠷᠰᠢᠶ᠎ᠠ ᠶᠢᠨ ᠵᠢᠷᠤᠮᠵᠢᠭᠤᠨ ᠠᠵᠢᠯᠯᠠᠭᠠᠨ᠂ ᠴᠢᠨᠠᠷ ᠰᠠᠶᠢᠲᠠᠢ ᠬᠥᠭᠵᠢᠯᠲᠡ᠂ ᠬᠡᠷᠡᠭ ᠡᠷᠬᠢᠯᠡᠭᠴᠢᠳ ᠤᠨ ᠳᠠᠷᠤᠭ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠶᠢᠨ ᠳᠡᠭᠡᠭᠰᠢᠯᠡᠯᠲᠡ ᠵᠡᠷᠭᠡ ᠣᠯᠠᠨ ᠲᠠᠯ᠎ᠠ ᠪᠠᠷ ᠲᠠᠶᠢᠯᠤᠮᠵᠢ ᠬᠢᠯᠭᠡᠪᠡ᠂ ᠬᠤᠷᠰᠢᠶ᠎ᠠ ᠶᠢᠨ ᠵᠢᠷᠤᠮᠵᠢᠭᠰᠠᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠷᠰᠢᠶ᠎ᠠ ᠶᠢᠨ ᠲᠠᠷᠢᠶᠠᠴᠢᠳ ᠢ ᠬᠠᠪᠰᠤᠷᠬᠤ᠂ ᠲᠠᠷᠢᠶᠠᠴᠢᠳ ᠲᠤ ᠦᠢᠯᠡᠴᠢᠯᠡᠬᠦ᠂ ᠲᠠᠷᠢᠶᠠᠴᠢᠳ ᠢ ᠴᠢᠨᠡᠭᠡᠯᠢᠭᠵᠢᠭᠦᠯᠬᠦ ᠴᠢᠳᠠᠮᠵᠢ ᠪᠠ ᠦᠢᠯᠡᠳᠦᠯ ᠢ ᠭᠦᠢᠴᠡᠳ ᠪᠠᠳᠠᠷᠠᠭᠤᠯᠤᠨ᠂ ᠲᠣᠰ ᠪᠡᠶ᠎ᠡ ᠶᠢᠨ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠳᠤ ᠣᠨᠣᠯ ᠤᠨ ᠰᠠᠭᠤᠷᠢ ᠶᠢ ᠲᠠᠯᠪᠢᠭᠰᠠᠨ ᠪᠠᠶᠢᠨ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠨᠠᠷ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠪᠣᠯ ᠨᠢᠭᠡ ᠤᠳᠠᠭᠠᠨ ᠤ ᠦᠵᠡᠯ ᠰᠠᠨᠠᠭ᠎ᠠ ᠪᠠᠷ ᠵᠡᠪᠰᠡᠭᠯᠡᠭᠰᠡᠨ ᠬᠠᠮᠲᠤ ᠶᠢᠨ ︽ᠴᠠᠬᠢᠯᠭᠠᠨ ᠴᠡᠨᠡᠭᠯᠡᠯᠲᠡ︾ ᠪᠣᠯᠬᠤ ᠪᠠᠷ ᠪᠠᠷᠠᠬᠤ ᠦᠭᠡᠢ᠂ ᠨᠠᠩ ᠴᠤ ᠨᠢᠭᠡ ᠤᠳᠠᠭᠠᠨ ᠤ ᠴᠢᠳᠠᠪᠤᠷᠢ ᠶᠢᠨ ᠪᠦᠬᠦᠯᠢ ᠴᠣᠭᠴᠠ ᠶᠢᠨ ︽ᠬᠦᠴᠦᠨ ᠴᠢᠳᠠᠯ︾ ᠮᠥᠨ᠂ ᠡᠨᠡ ᠨᠢ ᠬᠥᠮᠥᠰ ᠲᠤ ᠮᠠᠰᠢ ᠣᠯᠠᠨ ᠠᠰᠢᠭ ᠲᠤᠰᠠ ᠬᠦᠷᠲᠡᠭᠡᠵᠦ᠂ ᠡᠯᠪᠡᠭ ᠳᠡᠯᠪᠡᠭ ᠠᠮᠵᠢᠯᠲᠠ ᠪᠦᠲᠦᠮᠵᠢ ᠣᠯᠭᠤᠭᠰᠠᠨ ᠪᠠᠶᠢᠨ᠎ᠠ ᠭᠡᠵᠦ ᠢᠯᠡᠷᠬᠡᠶᠢᠯᠡᠵᠡᠭᠡᠪᠡ᠃      ᠳᠠᠷᠠᠭᠠᠴᠢ ᠶᠢᠨ ᠠᠯᠬᠤᠮ ᠳᠤ᠂ ᠵᠢᠤᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠦᠷᠭᠦᠯᠵᠢᠯᠡᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠡᠵᠡᠩᠨᠡᠯᠲᠡ ᠶᠢᠨ ᠵᠠᠭᠪᠤᠷ᠂ ᠠᠵᠢᠯᠯᠠᠭᠠᠨ ᠤ ᠲᠣᠭᠲᠠᠴᠠ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠵᠡᠷᠭᠡ ᠲᠠᠯ᠎ᠠ ᠠᠴᠠ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠳᠦᠷᠢᠮ ᠤᠨ ᠰᠢᠨ᠎ᠡ ᠶᠢ ᠡᠭᠦᠳᠬᠦ ᠪᠠ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠵᠢᠤᠶᠤᠸᠠᠨ ᠲᠣᠭᠤᠷᠢᠭ ᠤᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠠᠵᠤ ᠠᠬᠤᠢ ᠶᠢᠨ ᠪᠣᠳᠠᠲᠤ ᠬᠦᠴᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠳᠠᠶᠢᠴᠢᠯᠠᠬᠤ ᠴᠢᠳᠠᠪᠤᠷᠢ ᠶᠢ ᠴᠢᠨᠠᠭᠰᠢᠳᠠ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号