ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠡᠳ᠋ ᠤᠨ ᠵᠠᠰᠠᠭ ᠤᠨ ᠶᠠᠮᠤᠨ ᠵᠡᠷᠭᠡ 6 ᠰᠠᠯᠠᠭ᠎ᠠ ᠮᠥᠴᠢᠷ ᠤᠨ | ︽ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠨᠡᠭᠡᠭᠡᠨ ᠬᠥᠭᠵᠢᠭᠦᠯᠬᠦ ᠰᠢᠨᠵᠢᠯᠡᠬᠦ ᠤᠬᠠᠭᠠᠨ ᠤ | ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠳᠤ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠠᠵᠢᠯ | ᠣᠯᠭᠤᠬᠤ ᠶᠢ ᠵᠣᠷᠢᠭᠵᠢᠭᠤᠯᠬᠤ ᠲᠤᠬᠠᠢ ᠮᠡᠳᠡᠭᠳᠡᠯ︾ ︵ᠤᠯᠤᠰ ᠰᠢᠨᠵᠢᠯᠡᠬᠦ ᠤᠬᠠᠭᠠᠨ ᠬᠥᠭᠵᠢᠭᠦᠯᠬᠦ ᠡᠬᠢ ᠪᠠᠶᠠᠯᠢᠭ | ﹇2020﹈ 132 ᠳ᠋ᠤᠭᠠᠷ ᠲᠣᠭᠠᠲᠤ︶ ᠪᠠ ︽ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ | ᠪᠠᠶᠢᠷᠢ ᠶᠢ ᠨᠡᠭᠡᠭᠡᠨ ᠬᠥᠭᠵᠢᠭᠦᠯᠬᠦ ᠪᠠ ᠡᠭᠦᠷᠭᠡ ᠲᠣᠬᠢᠷᠠᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ | ᠮᠡᠳᠡᠭᠳᠡᠯ︾ ︵ᠥᠪᠥᠷ ᠰᠢᠨᠵᠢᠯᠡᠬᠦ ᠪᠦᠲᠦᠭᠡᠨ ᠥᠰᠥᠭ ﹇2023﹈ 29 ᠳ᠋ᠦ᠋ᠭᠡᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ | ᠡᠳᠦᠭᠡ ᠨᠡᠶᠢᠭᠡᠮ ᠨᠡᠶᠢᠲᠡ ᠠᠴᠠ ᠣᠷᠣᠨ ᠲᠤᠭ᠎ᠠ ᠠᠴᠠ ᠭᠠᠳᠠᠨᠠᠬᠢ 3 ᠰᠢᠨᠵᠢᠯᠡᠬᠦ ᠤᠬᠠᠭᠠᠨ ᠤ ᠰᠤᠳᠤᠯᠭᠠᠨ ᠤ | ᠲᠤᠰᠠᠯᠠᠭᠴᠢ ᠶᠢ ᠢᠯᠡ ᠪᠠᠷ ᠡᠯᠰᠡᠵᠦ ᠪᠠᠶᠢᠨ᠎ᠠ᠃ | ᠨᠢᠭᠡ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ | ᠭᠤᠣᠯ ᠡᠭᠦᠷᠭᠡ ᠬᠠᠷᠢᠭᠤᠴᠠᠯᠭ᠎ᠠ ᠨᠢ ᠰᠤᠳᠤᠯᠭᠠᠨ ᠤ ᠪᠦᠯᠬᠦᠮ ᠢ ᠬᠠᠮᠵᠢᠨ ᠰᠤᠳᠤᠯᠭᠠᠨ ᠤ ᠠᠵᠢᠯ ᠢ | ᠪᠡᠶᠡᠯᠡᠭᠦᠯᠵᠦ᠂ ᠰᠤᠳᠤᠯᠭᠠᠨ ᠤ ᠲᠤᠭ᠎ᠠ ᠪᠠᠷᠢᠮᠲᠠ ᠶᠢ ᠴᠤᠭᠯᠠᠭᠤᠯᠬᠤ᠂ ᠡᠮᠬᠢᠳᠬᠡᠬᠦ᠂ ᠵᠠᠳᠠᠯᠬᠤ ᠪᠠ ᠰᠢᠢᠳᠪᠦᠷᠢᠯᠡᠬᠦ᠂ | ᠲᠦᠷᠦᠯ ᠵᠦᠢᠯ ᠢ ᠲᠤᠷᠰᠢᠨ ᠠᠵᠢᠯᠯᠠᠭᠤᠯᠬᠤ ᠶᠢ ᠪᠡᠶᠡᠯᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ | ᠵᠦᠢᠯ ᠢ ᠵᠣᠬᠢᠶᠠᠨ ᠪᠠᠶᠢᠭᠤᠯᠬᠤ ᠪᠠ ᠬᠠᠮᠢᠶᠠᠷᠬᠤ ᠵᠢᠴᠢ ᠡᠷᠳᠡᠮ ᠰᠢᠨᠵᠢᠯᠡᠭᠡᠨ ᠤ ᠥᠭᠦᠯᠡᠯ ᠢ ᠬᠠᠮᠵᠢᠨ ᠨᠡᠶᠢᠲᠡᠯᠡᠬᠦ | ᠵᠡᠷᠭᠡ ᠠᠵᠢᠯ ᠢ ᠪᠡᠶᠡᠯᠡᠭᠦᠯᠦᠨ᠎ᠡ᠃ | ᠬᠤᠶᠠᠷ᠂ ᠤᠷᠢᠭᠳᠠᠬᠤ ᠦᠨᠳᠦᠰᠦᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠢᠶᠠᠷ ᠴᠢᠩᠭ᠎ᠠ᠂ ᠰᠤᠷᠭᠠᠨ ᠬᠥᠮᠦᠵᠢᠯ ᠤᠨ | ᠦᠢᠯᠡᠰ ᠲᠤ ᠬᠠᠶᠢᠷᠠᠲᠠᠢ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠡᠷᠬᠢᠮᠯᠡᠨ᠂ ᠰᠢᠨ᠎ᠡ ᠶᠢ ᠡᠭᠦᠳᠬᠦ ᠵᠣᠷᠢᠭ | ᠰᠠᠨᠠᠭ᠎ᠠ ᠪᠠ ᠤᠷᠤᠭᠰᠢᠯᠠᠨ ᠲᠡᠪᠰᠢᠬᠤ ᠵᠣᠷᠢᠭ ᠲᠠᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠪᠠᠶᠢᠬᠤ ᠬᠡᠷᠡᠭᠲᠡᠢ︔ | ︵ᠬᠤᠶᠠᠷ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠡᠯ᠎ᠡ | ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ︔ | ︵ᠭᠤᠷᠪᠠ︶ ᠵᠣᠬᠢᠴᠠᠩᠭᠤᠢ ᠠᠵᠢᠯ ᠤᠨ ᠪᠠᠶᠢᠷᠢ ᠶᠢᠨ ᠠᠵᠢᠯ ᠢ ᠡᠭᠦᠷᠭᠡᠯᠡᠬᠦ ᠳᠤ ᠱᠠᠭᠠᠷᠳᠠᠭᠳᠠᠬᠤ ᠲᠤᠰᠬᠠᠢ | ᠮᠡᠷᠭᠡᠵᠢᠯ᠂ ᠮᠡᠳᠡᠯᠭᠡ᠂ ᠴᠢᠳᠠᠪᠤᠷᠢ ᠪᠠ ᠬᠡᠪ ᠪᠣᠯᠪᠠᠰᠤᠷᠠᠯ ᠵᠢᠴᠢ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ | ᠵᠣᠬᠢᠴᠠᠭᠰᠠᠨ ᠪᠡᠶ᠎ᠡ ᠮᠠᠬᠠᠪᠤᠳ ᠤᠨ ᠨᠥᠬᠦᠴᠡᠯ ᠲᠠᠢ ᠪᠠᠶᠢᠬᠤ ᠬᠡᠷᠡᠭᠲᠡᠢ︔ | ︵ᠳᠥᠷᠪᠡ︶ ᠤᠷᠢᠭᠳᠠᠭᠰᠠᠳ ᠨᠢ ᠲᠣᠰ ᠵᠢᠯ ᠤᠨ ᠳᠡᠭᠡᠳᠦ ᠰᠤᠷᠭᠠᠭᠤᠯᠢ ᠲᠡᠭᠦᠰᠦᠭᠴᠢᠳ ᠪᠠᠶᠢᠵᠤ᠂ ᠶᠠᠳᠠᠭᠤ | ᠠᠴᠠ ᠠᠩᠭᠢᠵᠢᠷᠠᠭᠰᠠᠨ ᠭᠡᠷ ᠪᠦᠯᠢ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠠᠵᠢᠯ | ᠣᠯᠭᠤᠯᠲᠠ ᠦᠭᠡᠢ ᠭᠡᠷ ᠪᠦᠯᠢ ᠵᠢᠴᠢ ᠵᠡᠮᠳᠡᠭ ᠲᠠᠢ ᠲᠣᠰ ᠵᠢᠯ ᠤᠨ ᠳᠡᠭᠡᠳᠦ ᠰᠤᠷᠭᠠᠭᠤᠯᠢ ᠲᠡᠭᠦᠰᠦᠭᠴᠢᠳ ᠠᠴᠠ | ᠤᠷᠢᠳᠠᠪᠠᠷ ᠡᠯᠰᠡᠨ᠎ᠡ᠃ | ᠭᠤᠷᠪᠠ᠂ ᠠᠵᠢᠯ ᠤᠨ ᠪᠠᠶᠢᠷᠢ ᠶᠢᠨ ᠱᠠᠭᠠᠷᠳᠠᠯᠭ᠎ᠠ | ︵ᠨᠢᠭᠡ︶ ᠨᠡᠯᠢᠶᠡᠳ ᠰᠠᠶᠢᠨ ᠦᠰᠦᠭ ᠪᠢᠴᠢᠭ ᠤᠨ ᠰᠠᠭᠤᠷᠢ ᠲᠠᠢ ᠪᠠᠶᠢᠵᠤ᠂ ᠦᠷᠭᠦᠯᠵᠢ ᠬᠡᠷᠡᠭᠯᠡᠳᠡᠭ ᠠᠯᠪᠠᠨ | ᠠᠵᠢᠯ ᠤᠨ ᠵᠥᠭᠡᠯᠡᠨ ᠲᠤᠨᠤᠬ ᠢ ᠪᠣᠯᠪᠠᠰᠤᠷᠠᠩᠭᠤᠢ ᠡᠵᠡᠮᠰᠢᠭᠰᠡᠨ ᠪᠠᠶᠢᠬᠤ ᠬᠡᠷᠡᠭᠲᠡᠢ᠃ | ︵ᠬᠤᠶᠠᠷ︶ ᠨᠠᠷᠢᠨ ᠬᠢᠨᠠᠮᠠᠭᠠᠢ᠂ ᠰᠠᠶᠢᠨ ᠰᠠᠶᠢᠬᠠᠨ ᠰᠤᠷᠤᠯᠴᠠᠬᠤ ᠴᠢᠳᠠᠪᠤᠷᠢ ᠲᠠᠢ᠂ ᠨᠡᠪᠲᠡᠷᠡᠯᠴᠡᠬᠦ ᠪᠠ | ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠲᠠᠢ ᠪᠠᠶᠢᠬᠤ ᠬᠡᠷᠡᠭᠲᠡᠢ︔ | ︵ᠭᠤᠷᠪᠠ︶ Excel᠂ world ᠵᠡᠷᠭᠡ ᠪᠦᠷᠢᠳᠬᠡᠯ ᠤᠨ ᠵᠠᠳᠠᠯᠤᠯᠲᠠ ᠶᠢᠨ ᠵᠥᠭᠡᠯᠡᠨ ᠳᠤᠨᠤᠭ ᠵᠡᠷᠭᠡ ᠶᠢ | ᠪᠣᠯᠪᠠᠰᠤᠷᠠᠩᠭᠤᠢ ᠬᠡᠷᠡᠭᠯᠡᠨ ᠲᠤᠷᠰᠢᠯᠲᠠ ᠶᠢᠨ ᠲᠤᠭ᠎ᠠ ᠪᠠᠷᠢᠮᠲᠠ ᠶᠢ ᠡᠮᠬᠢᠯᠡᠬᠦ᠂ ᠵᠠᠳᠠᠯᠬᠤ ᠵᠢᠴᠢ ᠵᠢᠷᠤᠭ | ᠬᠦᠰᠦᠨᠦᠭᠲᠦ ᠶᠢ ᠵᠢᠷᠤᠵᠤ ᠪᠦᠲᠦᠭᠡᠬᠦ ᠵᠡᠷᠭᠡ ᠠᠵᠢᠯ ᠢ ᠬᠢᠵᠦ ᠴᠢᠳᠠᠬᠤ ᠬᠡᠷᠡᠭᠲᠡᠢ᠃ | ᠳᠥᠷᠪᠡ᠂ ᠤᠷᠢᠨ ᠬᠡᠷᠡᠭᠯᠡᠬᠦ ᠠᠵᠢᠯ ᠤᠨ ᠪᠠᠶᠢᠷᠢ᠂ ᠬᠥᠮᠥᠨ ᠤ ᠲᠤᠭ᠎ᠠ ᠵᠢᠴᠢ ᠲᠤᠰᠢᠶᠠᠯ ᠡᠭᠦᠷᠭᠡᠯᠡᠬᠦ ᠨᠥᠬᠦᠴᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ | ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ | ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 1︶᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 2︶ | ᠳᠤ ᠨᠠᠷᠢᠪᠴᠢᠯᠠᠨ ᠦᠵᠡᠭᠡᠷᠡᠢ᠃ | ᠲᠠᠪᠤ᠂ ᠨᠡᠷ᠎ᠡ ᠮᠡᠳᠡᠭᠦᠯᠬᠦ ᠬᠤᠭᠤᠴᠠᠭ᠎ᠠ ᠪᠠ ᠠᠷᠭ᠎ᠠ ᠮᠠᠶ᠋ᠢᠭ | ︵ᠨᠢᠭᠡ︶ ᠨᠡᠷ᠎ᠡ ᠮᠡᠳᠡᠭᠦᠯᠬᠦ ᠬᠤᠭᠤᠴᠠᠭ᠎ᠠ᠄ ᠲᠣᠰ ᠡᠳᠦᠷ ᠠᠴᠠ ᠡᠬᠢᠯᠡᠨ 2023 ᠣᠨ ᠤ 7 ᠰᠠᠷ᠎ᠠ ᠶᠢᠨ | 10 ᠤ ᠡᠳᠦᠷ ᠳᠠᠭᠤᠰᠲᠠᠯ᠎ᠠ᠃ | ︵ᠬᠤᠶᠠᠷ︶ ᠨᠡᠷ᠎ᠡ ᠮᠡᠳᠡᠭᠦᠯᠬᠦ ᠠᠷᠭ᠎ᠠ᠄ ︽ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ | ᠪᠠᠶᠢᠷᠢ ᠶᠢᠨ ᠤᠷᠢᠭᠳᠠᠬᠤ ᠨᠡᠷ᠎ᠡ ᠮᠡᠳᠡᠭᠦᠯᠬᠦ ᠬᠦᠰᠦᠨᠦᠭᠲᠦ︾ ᠬᠢᠭᠡᠳ ᠬᠠᠮᠢᠶ᠎ᠠ ᠪᠦᠬᠦᠢ ᠤᠷᠢᠭᠳᠠᠬᠤ ᠮᠠᠲ᠋ᠧᠷᠢᠶᠠᠯ | ︵ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ᠂ ᠬᠠᠮᠢᠶ᠎ᠠ ᠪᠦᠬᠦᠢ ᠬᠢᠷᠢ ᠬᠡᠮ ᠤᠨ ᠦᠨᠡᠮᠯᠡᠯ ᠪᠠ | ᠭᠡᠷᠡᠴᠢᠯᠡᠬᠦ ᠮᠠᠲ᠋ᠧᠷᠢᠶᠠᠯ︶ ᠤᠨ ᠰᠢᠷᠪᠢᠯᠲᠡ ᠶᠢᠨ ᠮᠠᠲ᠋ᠧᠷᠢᠶᠠᠯ ᠢ ᠲᠠᠭᠯᠠᠨ ᠪᠢᠴᠢᠬᠦ ᠶᠢᠨ ᠬᠠᠮᠲᠤ ᠠᠵᠢᠯᠲᠠᠨ ᠡᠯᠰᠡᠬᠦ | ᠠᠵᠢᠯ ᠤᠨ ᠪᠠᠶᠢᠷᠢ ᠶᠢᠨ ᠵᠢᠭᠠᠨ ᠲᠣᠭᠲᠠᠭᠠᠭᠰᠠᠨ ᠢᠮᠧᠯ ᠳᠤ ᠬᠦᠷᠭᠡᠬᠦ ᠬᠡᠷᠡᠭᠲᠡᠢ᠂ ᠰᠢᠤᠳᠠᠨ ᠤ ᠵᠦᠢᠯ ᠤᠨ ᠭᠠᠷᠴᠠᠭ ᠢ | ᠨᠢᠭᠡᠲᠦᠯᠲᠠᠢ ᠪᠠᠷ᠄ 2023 ᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ + ᠣᠪᠣᠭ ᠨᠡᠷ᠎ᠡ᠃ | ᠮᠠᠨ ᠤ ᠨᠢᠭᠡᠴᠢ ᠤᠷᠢᠭᠳᠠᠭᠰᠠᠳ ᠤᠨ ᠤᠷᠢᠭᠳᠠᠬᠤ ᠨᠥᠬᠦᠴᠡᠯ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ | ᠬᠢᠨᠠᠨ ᠬᠠᠷᠭᠤᠭᠤᠯᠵᠤ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠳ ᠲᠤ ᠨᠢᠭᠤᠷᠲᠠᠨ ᠰᠢᠯᠭᠠᠬᠤ ᠴᠠᠭ ᠢ ᠠᠰ ᠲᠤᠨᠢ | ᠮᠡᠳᠡᠭᠳᠡᠨ᠎ᠡ᠂ ᠨᠢᠭᠤᠷᠲᠠᠨ ᠰᠢᠯᠭᠠᠬᠤ ᠭᠤᠭᠴᠤᠭ᠎ᠠ ᠳᠤ ᠣᠷᠤᠭᠰᠠᠨ ᠦᠭᠡᠢ ᠬᠥᠮᠥᠰ ᠲᠤ ᠳᠠᠭᠢᠵᠤ ᠠᠰ ᠲᠤᠨᠢ | ᠮᠡᠳᠡᠭᠳᠡᠬᠦ ᠦᠭᠡᠢ᠃ | ᠵᠢᠷᠭᠤᠭ᠎ᠠ᠂ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠣᠯᠭᠤᠮᠵᠢ ᠵᠢᠴᠢ ᠬᠠᠮᠢᠶᠠᠷᠤᠯᠲᠠ | ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠨᠢ ᠲᠦᠷ ᠴᠠᠭ ᠤᠨ | ᠴᠢᠨᠠᠷᠲᠠᠢ ᠠᠵᠢᠯ ᠤᠨ ᠪᠠᠶᠢᠷᠢ ᠳᠤ ᠬᠠᠷᠢᠶᠠᠯᠠᠭᠳᠠᠨ᠎ᠠ᠂ ᠠᠵᠢᠯ ᠦᠢᠯᠡᠰ ᠤᠨ ᠣᠷᠣᠨ ᠲᠤᠭ᠎ᠠ ᠪᠢᠰᠢ︔ ᠤᠷᠢᠨ ᠬᠡᠷᠡᠭᠯᠡᠬᠦ | ᠴᠠᠯᠢᠩ ᠢ ᠲᠤᠰ ᠵᠢᠯ ᠤᠨ ᠬᠥᠬᠡᠬᠤᠲᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ | ᠪᠠᠶᠢᠯᠭᠠᠬᠤ ᠦᠭᠡᠢ᠃ | ᠲᠤᠯᠤᠭ᠎ᠠ᠂ ᠪᠤᠰᠤᠳ ᠵᠦᠢᠯ | ︵ᠨᠢᠭᠡ︶ ᠤᠷᠢᠭᠳᠠᠭᠰᠠᠳ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠢᠯᠡ ᠪᠠᠷ ᠤᠷᠢᠬᠤ ᠠᠵᠢᠯ ᠤᠨ | ᠪᠥᠬᠦ ᠶᠠᠪᠤᠴᠠ ᠳᠤ ᠲᠤᠭᠤᠰᠢᠯᠠᠭᠤᠯᠵᠤ᠂ ᠤᠷᠢᠭᠳᠠᠭᠰᠠᠳ ᠤᠨ ᠠᠯᠢᠪᠠ ᠱᠠᠲᠤ ᠦᠶ᠎ᠡ ᠵᠢᠴᠢ ᠲᠤᠷᠰᠢᠨ ᠬᠡᠷᠡᠭᠯᠡᠬᠦ | ᠬᠤᠭᠤᠴᠠᠭᠠᠨ ᠳᠤ ᠤᠷᠢᠭᠳᠠᠭᠰᠠᠳ ᠨᠢ ᠤᠷᠢᠭᠳᠠᠬᠤ ᠨᠥᠬᠦᠴᠡᠯ ᠲᠠᠢ ᠪᠠᠨ ᠨᠡᠶᠢᠴᠡᠬᠦ ᠦᠭᠡᠢ ᠪᠤᠶᠤ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠭᠰᠠᠳ ᠢ ᠣᠯᠵᠤ ᠮᠡᠳᠡᠪᠡᠯ᠂ ᠤᠷᠢᠨ ᠬᠡᠷᠡᠭᠯᠡᠬᠦ ᠬᠢᠷᠢ ᠬᠡᠮ ᠢ ᠨᠢ ᠴᠥᠮ ᠬᠦᠴᠦᠨ ᠦᠭᠡᠢ | ᠪᠣᠯᠭᠠᠨ᠎ᠠ᠃ | ︵ᠬᠤᠶᠠᠷ︶ ᠠᠵᠢᠯᠲᠠᠨ ᠡᠯᠰᠡᠭᠰᠡᠨ ᠦᠷ᠎ᠡ ᠳ᠋ᠦᠩ ᠢ ᠤᠲᠠᠰᠤ ᠪᠠᠷ ᠳᠠᠮᠵᠢᠭᠤᠯᠤᠨ ᠮᠡᠳᠡᠭᠳᠡᠨ᠎ᠡ᠂ ᠴᠢᠮᠡᠭᠡ | ᠨᠡᠪᠲᠡᠷᠡᠯᠭᠡ ᠰᠠᠭᠠᠳ ᠦᠭᠡᠢ ᠪᠠᠶᠢᠬᠤ ᠶᠢ ᠪᠠᠲᠤᠯᠠᠭᠠᠷᠠᠢ᠃ ᠬᠡᠷᠪᠡ ᠤᠷᠢᠭᠳᠠᠭᠰᠠᠳ ᠨᠢ ᠲᠣᠭᠲᠠᠭᠰᠠᠨ ᠴᠠᠭ ᠤᠨ | ᠳᠣᠲᠣᠷ᠎ᠠ ᠬᠤᠯᠪᠣᠭᠳᠠᠯ ᠪᠦᠬᠦᠢ ᠵᠢᠷᠤᠮ ᠢ ᠪᠡᠶᠡᠯᠡᠭᠦᠯᠦᠭᠰᠡᠨ ᠦᠭᠡᠢ ᠪᠠᠶᠢᠪᠠᠯ᠂ ᠡᠷᠬᠡ ᠪᠠᠨ ᠬᠠᠶᠠᠭᠰᠠᠨ ᠢᠶᠠᠷ ᠦᠵᠡᠨ᠎ᠡ᠃ | | ︵ᠭᠤᠷᠪᠠ︶ ᠲᠣᠰ ᠤᠳᠠᠭᠠᠨ ᠤ ᠤᠷᠢᠨ ᠬᠡᠷᠡᠭᠯᠡᠬᠦ ᠶᠢ ᠲᠠᠶᠢᠯᠪᠤᠷᠢᠯᠠᠬᠤ ᠡᠷᠬᠡ ᠨᠢ ᠤᠷᠢᠨ ᠬᠡᠷᠡᠭᠯᠡᠬᠦ ᠭᠤᠣᠯ | ᠴᠣᠭᠴᠠ ᠳᠤ ᠬᠠᠷᠢᠶᠠᠯᠠᠭᠳᠠᠨ᠎ᠠ᠂ ᠠᠯᠪᠠᠨ ᠵᠠᠷ ᠲᠠᠬᠢ ᠬᠢᠵᠦ ᠳᠠᠭᠤᠰᠤᠭᠠᠳᠤᠢ ᠵᠦᠢᠯ ᠵᠢᠴᠢ ᠬᠤᠯᠪᠣᠭᠳᠠᠯ ᠪᠦᠬᠦᠢ | ᠮᠡᠳᠡᠭᠡ ᠵᠠᠩᠭᠢ ᠶᠢ ᠴᠠᠭ ᠲᠤᠬᠠᠢ ᠳᠤᠨᠢ ᠠᠰᠠᠭᠤᠨ ᠯᠠᠪᠯᠠᠭᠠᠷᠠᠢ᠃ | ᠨᠠᠢᠮᠠ᠂ ᠬᠠᠷᠢᠯᠴᠠᠬᠤ ᠠᠷᠭ᠎ᠠ ᠬᠡᠯᠪᠡᠷᠢ | ᠬᠠᠷᠢᠯᠴᠠᠬᠤ ᠤᠲᠠᠰᠤ᠄ 0471-3598542 0471-6300782 | | ᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠲᠤᠰᠠᠯᠠᠭᠴᠢ ᠶᠢᠨ | ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠬᠦᠰᠦᠨᠦᠭᠲᠦ | ᠳᠠᠭᠠᠯᠳᠤᠭᠤᠯᠤᠯ 2᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠲᠤᠰᠠᠯᠠᠭᠴᠢ ᠶᠢᠨ | ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ | 2023 ᠣᠨ ᠤ 7 ᠰᠠᠷ᠎ᠠ ᠶᠢᠨ 4 ᠤ ᠡᠳᠦᠷ |