ᠮᠠᠨ ᠤ ᠤᠷᠤᠨ ᠤ ᠠᠩᠬᠠᠳᠠᠭᠴᠢ ︽ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠤ ᠦᠪᠡᠷ ᠤᠨ ᠦᠷᠳᠡᠭ ᠢ ᠬᠠᠮᠳᠤᠷᠠᠨ ᠪᠠᠶᠢᠴᠠᠭᠠᠬᠤ ᠦᠷᠳᠡᠭᠡ︾ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2023/7/4
      ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠬᠢᠭᠡᠳ ᠳᠤᠮᠳᠠᠳᠤ ᠤᠯᠤᠰ ᠤᠨ ᠠᠷᠠᠳ ᠤᠨ ᠡᠳ᠋ ᠬᠦᠷᠦᠩᠭᠡ ᠶᠢᠨ ᠳᠠᠭᠠᠳᠬᠠᠯ ᠤᠨ ᠬᠢᠵᠠᠭᠠᠷᠳᠦ ᠺᠤᠮᠫᠠᠨᠢ ᠶᠢᠨ ᠦᠪᠦᠷ ᠮᠤᠩᠭᠤᠯ ᠳᠠᠬᠢ ᠬᠤᠪᠢᠶᠠᠷᠢ ᠺᠤᠮᠫᠠᠨᠢ ᠶᠢᠨ ᠬᠠᠮᠳᠤᠷᠠᠨ ᠠᠵᠢᠯᠯᠠᠬᠤ ᠲᠦᠷᠦᠯ ᠵᠦᠢᠯ ᠪᠤᠯᠬᠤ ᠮᠠᠨ ᠤ ᠤᠷᠤᠨ ᠤ ᠠᠩᠬᠠᠳᠠᠭᠴᠢ ︽ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠤ ᠦᠪᠡᠷ ᠤᠨ ᠦᠷᠳᠡᠭ ᠢ ᠬᠠᠮᠳᠤᠷᠠᠨ ᠪᠠᠶᠢᠴᠠᠭᠠᠬᠤ ᠦᠷᠳᠡᠭᠡ︾ ᠲᠦᠷᠦᠬᠦᠬᠡᠨ ᠬᠦᠬᠡᠬᠤᠳᠠ ᠳᠤ ᠪᠠᠶᠢᠭᠤᠯᠤᠭᠳᠠᠪᠠ᠃      ᠣᠶᠢᠯᠠᠭᠠᠭᠰᠠᠨ ᠢᠶᠠᠷ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠤᠨ ᠬᠦᠳᠡᠭᠡ ᠠᠵᠤ ᠠᠬᠤᠢ ᠶᠢᠨ ᠪᠦᠲᠦᠭᠡᠭᠳᠡᠭᠦᠨ ᠤ ᠦᠪᠡᠷ ᠤᠨ ᠦᠷᠳᠡᠭ ᠤᠨ ᠪᠠᠶᠢᠴᠠᠭᠠᠯᠲᠠ ᠬᠢᠭᠡᠳ ᠬᠦᠳᠡᠭᠡ ᠠᠵᠤ ᠠᠬᠤᠢ ᠶᠢᠨ ᠳᠠᠭᠠᠳᠬᠠᠯ ᠤᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠢ ᠨᠠᠶᠢᠳᠠᠪᠤᠷᠢᠵᠢᠭᠤᠯᠬᠤ ᠶᠢᠨ ᠲᠦᠯᠦᠭᠡ᠂ ᠡᠨᠡ ᠵᠢᠯ ᠤᠨ 4 ᠰᠠᠷ᠎ᠠ ᠳᠤ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠬᠢᠭᠡᠳ ᠳᠤᠮᠳᠠᠳᠤ ᠤᠯᠤᠰ ᠤᠨ ᠠᠷᠠᠳ ᠤᠨ ᠡᠳ᠋ ᠬᠦᠷᠦᠩᠭᠡ ᠶᠢᠨ ᠳᠠᠭᠠᠳᠬᠠᠯ ᠤᠨ ᠬᠢᠵᠠᠭᠠᠷᠳᠦ ᠺᠤᠮᠫᠠᠨᠢ ᠶᠢᠨ ᠦᠪᠦᠷ ᠮᠤᠩᠭᠤᠯ ᠳᠠᠬᠢ ᠬᠤᠪᠢᠶᠠᠷᠢ ᠺᠤᠮᠫᠠᠨᠢ ᠲᠤᠰ ᠲᠤᠰ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ ᠬᠠᠮᠳᠤᠷᠠᠨ ᠠᠵᠢᠯᠯᠠᠬᠤ ᠵᠦᠪᠯᠡᠯᠴᠡᠭᠡᠷ ᠳᠤᠬᠢᠷᠠᠯᠴᠠᠭᠰᠠᠨ ᠪᠦᠭᠡᠳ ᠭᠤᠷᠪᠠᠨ ᠵᠢᠯ ᠤᠨ ᠠᠵᠢᠯᠯᠠᠭᠠᠨ ᠤ ᠲᠦᠰᠦᠯ ᠳᠤᠭᠳᠠᠵᠠᠢ᠃ ᠲᠦᠰᠦᠯ ᠳᠤ᠂ ᠬᠦᠳᠡᠭᠡ ᠠᠵᠤ ᠠᠬᠤᠢ ᠶᠢᠨ ᠪᠦᠲᠦᠭᠡᠭᠳᠡᠭᠦᠨ ᠤ ᠦᠪᠡᠷ ᠤᠨ ᠦᠷᠳᠡᠭ ᠤᠨ ᠪᠠᠶᠢᠴᠠᠭᠠᠯᠲᠠ ᠬᠢᠭᠡᠳ ᠬᠦᠳᠡᠭᠡ ᠠᠵᠤ ᠠᠬᠤᠢ ᠶᠢᠨ ᠳᠠᠭᠠᠳᠬᠠᠯ ᠤᠨ ᠬᠠᠮᠳᠤᠷᠠᠨ ᠠᠵᠢᠯᠯᠠᠬᠤ ᠬᠡᠪᠴᠢᠶ᠎ᠠ᠂ ᠬᠠᠮᠳᠤᠷᠠᠨ ᠠᠵᠢᠯᠯᠠᠬᠤ ᠳᠤᠭᠳᠠᠴᠠ ᠶᠢ ᠲᠣᠳᠤᠷᠬᠠᠶᠢᠯᠠᠵᠤ᠂ ᠪᠠᠶᠢᠴᠠᠭᠠᠬᠤ ᠴᠡᠭ ᠤᠨ ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠤᠨ᠂ ᠪᠠᠶᠢᠴᠠᠭᠠᠬᠤ ᠰᠢᠶᠠᠨ ᠢ 3 ᠨᠡᠮᠡᠭᠳᠡᠭᠦᠯᠵᠦ᠂ ᠪᠠᠶᠢᠴᠠᠭᠠᠬᠤ ᠡᠷᠦᠬᠡ ᠶᠢ 176 ᠨᠡᠮᠡᠭᠳᠡᠭᠦᠯᠦᠨ᠂ ᠪᠠᠶᠢᠴᠠᠭᠠᠬᠤ ᠤᠷᠤᠨ ᠨᠤᠳᠤᠭ ᠤᠨ ᠤᠨᠴᠠᠯᠢᠭᠳᠤ ᠲᠦᠷᠦᠯ ᠵᠦᠢᠯ ᠢ 3 ᠨᠡᠮᠡᠭᠳᠡᠭᠦᠯᠪᠡ᠃ ᠬᠤᠶᠠᠷ ᠲᠠᠯ᠎ᠠ ᠪᠠᠷ ᠢᠶᠠᠨ ᠭᠦᠨᠵᠡᠭᠡᠢ ᠬᠠᠮᠳᠤᠷᠠᠨ ᠠᠵᠢᠯᠯᠠᠬᠤ ᠪᠠᠷ ᠳᠠᠮᠵᠢᠨ ᠪᠦᠬᠦ ᠤᠷᠤᠨ ᠢ ᠬᠠᠮᠤᠷᠤᠭᠰᠠᠨ ᠪᠠᠶᠢᠴᠠᠭᠠᠯᠲᠠ ᠶᠢᠨ ᠲᠤᠤᠷ ᠢ ᠪᠦᠷᠢᠯᠳᠦᠭᠦᠯᠵᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠤ ᠦᠪᠡᠷ ᠤᠨ ᠦᠷᠳᠡᠭ ᠤᠨ ᠪᠠᠶᠢᠴᠠᠭᠠᠯᠲᠠ ᠶᠢᠨ ᠲᠤᠭ᠎ᠠ ᠪᠠᠷᠢᠮᠳᠠ ᠶᠢᠨ ᠨᠡᠶᠢᠭᠡᠮ ᠤᠨ ᠨᠦᠯᠦᠭᠡ ᠶᠢ ᠳᠡᠭᠡᠭᠰᠢᠯᠡᠭᠦᠯᠦᠨ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠨᠠᠷᠢᠨ ᠤᠨᠤᠪᠴᠢᠳᠤ ᠴᠢᠨᠠᠷ ᠢ ᠴᠢᠩᠭᠠᠳᠬᠠᠬᠤ ᠪᠤᠯᠤᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号