ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠳᠤ ᠪᠠᠶᠢᠩᠭᠤ ᠲᠣᠬᠢᠶᠠᠯᠳᠤᠳᠠᠭ ᠠᠰᠠᠭᠤᠯᠲᠠ ᠬᠠᠷᠢᠭᠤᠯᠲᠠ ︵ᠬᠤᠶᠠᠷ︶
ᠨᠡᠶᠢᠲᠡᠯᠡᠭᠰᠡᠨ ᠴᠠᠭ᠄
2023/7/4
      1.ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭ᠎ᠠ ᠠᠴᠠ ᠬᠡᠲᠦᠷᠡᠭᠡᠳ ᠶᠠᠰᠤ ᠴᠢᠨᠠᠷ ᠤᠨ ᠲᠠᠯ᠎ᠠ ᠪᠠᠷ ᠠᠰᠠᠭᠤᠳᠠᠯ ᠭᠠᠷᠤᠭᠰᠠᠨ ᠪᠥᠭᠡᠳ ᠵᠠᠭᠤᠷᠠᠯᠳᠤᠭᠠᠨ ᠡᠭᠦᠰᠬᠡᠭᠰᠡᠨ ᠪᠠᠶᠢᠪᠠᠯ ᠬᠡᠷᠬᠢᠨ ᠰᠢᠢᠳᠪᠦᠷᠢᠯᠡᠬᠦ ᠪᠤᠶ︖      ᠬᠠᠷᠢᠭᠤᠯᠲᠠ᠄ ᠲᠠᠷᠢᠶᠠᠯᠠᠩ ᠤᠨ ᠮᠠᠰᠢᠨ ᠬᠡᠷᠡᠭᠯᠡᠭᠴᠢᠳ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ ᠪᠣᠯᠣᠨ᠎ᠠ᠂ ᠠᠷᠠᠳ ᠤᠨ ᠰᠢᠭᠦᠬᠦ ᠬᠤᠷᠢᠶᠠᠨ ᠳᠤ ᠰᠢᠭᠤᠳ ᠵᠠᠭᠠᠯᠳᠤᠭᠰᠠᠨ ᠴᠤ ᠪᠣᠯᠣᠨ᠎ᠠ᠃      2.ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠲᠤᠬᠠᠢ ᠵᠠᠭᠠᠯᠳᠤᠯᠭ᠎ᠠ ᠳᠤ ᠶᠠᠮᠠᠷ ᠶᠠᠮᠠᠷ ᠮᠠᠲ᠋ᠧᠷᠢᠶᠠᠯ ᠪᠠ ᠮᠡᠳᠡᠭᠡ ᠵᠠᠩᠭᠢ ᠶᠢ ᠲᠤᠰᠢᠶᠠᠬᠤ ᠬᠡᠷᠡᠭᠲᠡᠢ ᠪᠤᠢ︖      ᠬᠠᠷᠢᠭᠤᠯᠲᠠ᠄ ᠨᠠᠭᠠᠲᠤ ᠵᠠᠬ᠎ᠠ ᠳᠠᠭᠠᠨ᠄ ︵1︶ ᠵᠠᠭᠠᠯᠳᠤᠭᠴᠢ ᠶᠢᠨ ᠣᠪᠣᠭ ᠨᠡᠷ᠎ᠡ᠂ ᠬᠠᠷᠢᠯᠴᠠᠬᠤ ᠬᠠᠶ᠋ᠢᠭ᠂ ᠬᠠᠷᠢᠯᠴᠠᠬᠤ ᠤᠲᠠᠰᠤ ᠵᠢᠴᠢ ᠵᠠᠭᠠᠯᠳᠤᠭᠳᠠᠭᠰᠠᠨ ᠲᠠᠯ᠎ᠠ ᠶᠢᠨ ᠨᠡᠷᠡᠶᠢᠳᠦᠯ ᠪᠤᠶᠤ ᠣᠪᠣᠭ ᠨᠡᠷ᠎ᠡ᠂ ᠬᠠᠷᠢᠯᠴᠠᠬᠤ ᠬᠠᠶ᠋ᠢᠭ᠂ ᠬᠠᠷᠢᠯᠴᠠᠬᠤ ᠤᠲᠠᠰᠤ ᠵᠡᠷᠭᠡ ᠣᠨᠣᠪᠴᠢᠲᠠᠶ ᠮᠡᠳᠡᠭᠡ ᠵᠠᠩᠭᠢ ᠶᠢ ᠪᠠᠭᠲᠠᠭᠠᠨ᠎ᠠ᠃ ︵2︶ ᠲᠠᠷᠢᠶᠠᠯᠠᠩ ᠤᠨ ᠮᠠᠰᠢᠨ ᠤ ᠦᠢᠯᠡᠳᠬᠦᠨ ᠤ ᠨᠡᠷᠡᠶᠢᠳᠦᠯ᠂ ᠬᠡᠯᠪᠡᠷᠢ ᠮᠠᠶ᠋ᠢᠭ᠂ ᠦᠨ᠎ᠡ ᠬᠠᠩᠰᠢ᠂ ᠬᠤᠳᠠᠯᠳᠤᠨ ᠠᠪᠤᠭᠰᠠᠨ ᠡᠳᠦᠷ ᠬᠤᠭᠤᠴᠠᠭ᠎ᠠ᠂ ᠰᠡᠯᠪᠢᠨ ᠵᠠᠰᠠᠭᠰᠠᠨ ᠡᠳᠦᠷ ᠬᠤᠭᠤᠴᠠᠭ᠎ᠠ᠂ ᠪᠣᠷᠣᠯᠠᠭᠤᠯᠬᠤ ᠬᠤᠳᠠᠯᠳᠤᠭᠠᠴᠢᠨ᠂ ᠰᠡᠯᠪᠢᠨ ᠵᠠᠰᠠᠬᠤ ᠬᠤᠳᠠᠯᠳᠤᠭᠠᠴᠢᠨ᠂ ᠶᠠᠰᠤ ᠴᠢᠨᠠᠷ ᠤᠨ ᠠᠰᠠᠭᠤᠳᠠᠯ ᠪᠠ ᠬᠤᠬᠢᠷᠠᠯ ᠤᠴᠠᠷᠠᠭᠤᠯᠤᠭᠰᠠᠨ ᠪᠣᠳᠠᠲᠤ ᠬᠡᠷᠡᠭ ᠤᠨ ᠡᠭᠦᠰᠦᠭᠰᠡᠨ ᠴᠠᠭ᠂ ᠭᠠᠵᠠᠷ᠂ ᠶᠠᠪᠤᠴᠠ᠂ ᠭᠡᠮᠲᠦᠯ ᠤᠨ ᠪᠠᠶᠢᠳᠠᠯ ᠤᠨ ᠲᠤᠬᠠᠢ ᠲᠣᠭᠠᠴᠢᠯᠲᠠ ᠵᠢᠴᠢ ᠵᠠᠭᠠᠯᠳᠤᠭᠳᠠᠭᠰᠠᠨ ᠲᠠᠯ᠎ᠠ ᠲᠠᠢ ᠵᠥᠪᠳᠡᠯᠴᠡᠭᠰᠡᠨ ᠪᠠᠶᠢᠳᠠᠯ ᠵᠡᠷᠭᠡ ᠮᠡᠳᠡᠭᠡ ᠵᠠᠩᠭᠢ᠃ ︵3︶ ᠬᠤᠯᠪᠣᠭᠳᠠᠯ ᠪᠦᠬᠦᠢ ᠭᠡᠷᠡᠴᠢ ᠪᠠᠷᠢᠮᠲᠠ᠃ ᠡᠭᠦᠨ ᠳᠤ ᠭᠡᠷ᠎ᠡ᠂ ᠪᠠᠷᠢᠮᠲᠠ᠂ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠭᠡᠷᠡᠴᠢ᠂ ᠬᠢᠷᠢ ᠲᠡᠩᠴᠡᠭᠰᠡᠨ ᠭᠡᠷᠡᠴᠢ ᠵᠡᠷᠭᠡ ᠬᠠᠭᠤᠯᠪᠤᠷᠢ ᠪᠠᠭᠲᠠᠨ᠎ᠠ᠃ ︵4︶ ᠲᠣᠳᠣᠷᠬᠠᠢ ᠵᠠᠭᠠᠯᠳᠤᠬᠤ ᠱᠠᠭᠠᠷᠳᠠᠯᠭ᠎ᠠ᠃ ᠡᠩ ᠤᠨ ᠪᠠᠶᠢᠳᠠᠯ ᠳᠤ ᠵᠠᠭᠠᠯᠳᠤᠭᠴᠢ ︽ᠵᠠᠭᠠᠯᠳᠤᠬᠤ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ᠂ ᠭᠠᠷ ᠤᠨ ᠦᠰᠦᠭ ᠵᠢᠷᠤᠵᠤ ᠳᠡᠭᠡᠷᠡᠬᠢ ᠮᠡᠳᠡᠭᠡ ᠵᠠᠩᠭᠢ ᠶᠢ ᠨᠤᠲᠠᠯᠠᠬᠤ ᠬᠡᠷᠡᠭᠲᠡᠢ᠃      3.ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠠᠶᠢᠳᠠᠯ ᠳᠤ ᠶᠠᠮᠠᠷ ᠶᠠᠮᠠᠷ ᠪᠠᠶᠢᠳᠠᠯ ᠪᠠᠶᠢᠬᠤ ᠪᠤᠢ︖      ᠬᠠᠷᠢᠭᠤᠯᠲᠠ᠄ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ᠄ ︵1︶ ᠲᠣᠳᠣᠷᠬᠠᠢ ᠶᠠᠰᠤ ᠴᠢᠨᠠᠷ ᠤᠨ ᠱᠠᠭᠠᠷᠳᠠᠯᠭ᠎ᠠ ᠪᠠ ᠵᠠᠭᠠᠯᠳᠤᠭᠳᠠᠭᠰᠠᠨ ᠡᠲᠡᠭᠡᠳ ᠪᠠᠶᠢᠬᠤ ᠦᠭᠡᠢ︔ ︵2︶ ᠤᠯᠤᠰ ᠠᠴᠠ ᠲᠣᠭᠲᠠᠭᠠᠭᠰᠠᠨ ᠪᠠ ᠦᠢᠯᠡᠳᠪᠦᠷᠢᠯᠡᠬᠦ ᠠᠵᠤ ᠠᠬᠤᠶᠢᠯᠠᠯ ᠤᠨ ᠠᠮᠠᠯᠠᠭᠰᠠᠨ ᠭᠤᠷᠪᠠ ᠶᠢ ᠳᠠᠭᠠᠭᠠᠴᠢᠯᠠᠬᠤ ᠦᠢᠯᠡᠴᠢᠯᠡᠭᠡ ᠠᠴᠠ ᠭᠠᠳᠠᠨ᠎ᠠ ᠶᠠᠰᠤ ᠴᠢᠨᠠᠷ ᠤᠨ ᠵᠢᠭᠤᠷᠠᠯᠳᠤᠭᠠᠨ ᠭᠠᠷᠤᠭᠰᠠᠨ ︵ᠲᠠᠷᠢᠶᠠᠯᠠᠩ ᠤᠨ ᠮᠠᠰᠢᠨ ᠤ ᠦᠢᠯᠡᠳᠬᠦᠨ ᠤ ᠶᠠᠰᠤ ᠴᠢᠨᠠᠷ ᠤᠨ ᠵᠡᠷᠡᠮᠳᠡᠭ ᠠᠴᠠ ᠪᠣᠯᠵᠤ ᠬᠥᠮᠥᠨ ᠤ ᠪᠡᠶ᠎ᠡ ᠮᠠᠬᠠᠪᠤᠳ᠂ ᠡᠳ᠋ ᠬᠥᠷᠥᠩᠭᠡ ᠶᠢ ᠭᠡᠮᠲᠦᠭᠡᠭᠰᠡᠨ ᠨᠢ ᠡᠭᠦᠨ ᠳᠤ ᠪᠠᠭᠲᠠᠬᠤ ᠦᠭᠡᠢ︶︔ ︵3︶ ᠰᠢᠭᠦᠬᠦ ᠬᠤᠷᠢᠶ᠎ᠠ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠣᠷᠣᠨ ᠨᠤᠲᠤᠭ ᠤᠨ ᠬᠡᠷᠡᠭᠯᠡᠭᠴᠢᠳ ᠤᠨ ᠨᠡᠶᠢᠭᠡᠮᠯᠢᠭ ᠪᠤᠶᠤ ᠪᠤᠰᠤᠳ ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠶᠢᠨ ᠪᠠᠶᠢᠭᠤᠯᠤᠮᠵᠢ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠤᠶᠤ ᠨᠢᠭᠡᠨᠲᠡ ᠰᠢᠢᠳᠪᠦᠷᠢᠯᠡᠭᠰᠡᠨ︔ ︵4︶ ᠮᠠᠷᠭᠤᠯᠳᠤᠭᠰᠠᠨ ᠬᠤᠶᠠᠷ ᠲᠠᠯ᠎ᠠ ᠪᠠᠷ ᠢᠶᠠᠨ ᠡᠶᠡᠳᠡᠭᠦᠯᠭᠡ ᠶᠢᠨ ᠬᠡᠯᠡᠯᠴᠡᠭᠡᠷ ᠲᠣᠬᠢᠷᠠᠵᠤ ᠥᠩᠭᠡᠷᠡᠭᠰᠡᠨ ᠮᠦᠷᠳᠡᠭᠡᠨ ᠨᠢᠭᠡᠨᠲᠡ ᠭᠦᠢᠴᠡᠳᠬᠡᠭᠰᠡᠨ ᠪᠥᠭᠡᠳ ᠰᠢᠨ᠎ᠡ ᠪᠠᠶᠢᠳᠠᠯ᠂ ᠰᠢᠨ᠎ᠡ ᠰᠢᠯᠲᠠᠭᠠᠨ᠂ ᠰᠢᠨ᠎ᠡ ᠭᠡᠷᠡᠴᠢ ᠪᠠᠷᠢᠮᠲᠠ ᠦᠭᠡᠢ ᠪᠠᠶᠢᠬᠤ︔ ︵5︶ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠬᠦ ᠦᠭᠡᠢ ᠪᠤᠰᠤᠳ ᠵᠦᠢᠯ ᠤᠳ᠃      4.ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠲᠤᠬᠠᠢ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠤᠨ ᠬᠢᠵᠠᠭᠠᠷ ᠤᠨ ᠲᠤᠬᠠᠢ ᠶᠠᠮᠠᠷ ᠶᠠᠮᠠᠷ ᠲᠣᠭᠲᠠᠭᠠᠯ ᠪᠠᠶᠢᠬᠤ ᠪᠤᠢ︖      ᠬᠠᠷᠢᠭᠤᠯᠲᠠ᠄ ︵1︶ ᠵᠠᠭᠠᠯᠳᠤᠬᠤ ᠪᠠᠶᠢᠭᠤᠯᠤᠮᠵᠢ ᠵᠠᠭᠠᠯᠳᠤᠯᠭ᠎ᠠ ᠶᠢ ᠣᠯᠣᠭᠰᠠᠨ ᠤ ᠳᠠᠷᠠᠭ᠎ᠠ᠂ 2 ᠠᠵᠢᠯ ᠤᠨ ᠡᠳᠦᠷ ᠤᠨ ᠳᠣᠲᠣᠷ᠎ᠠ ᠬᠦᠯᠢᠶᠡᠨ ᠠᠪᠴᠤ ᠰᠢᠢᠳᠪᠦᠷᠢᠯᠡᠬᠦ ᠡᠰᠡᠬᠦ ᠲᠤᠬᠠᠢ ᠬᠠᠷᠢᠭᠤᠯᠲᠠ ᠥᠭᠬᠦ ᠬᠡᠷᠡᠭᠲᠡᠢ᠃ ︵2︶ ᠵᠠᠭᠠᠯᠳᠤᠯᠭ᠎ᠠ ᠶᠢ ᠬᠦᠯᠢᠶᠡᠨ ᠠᠪᠤᠭᠰᠠᠨ ᠤ ᠳᠠᠷᠠᠭ᠎ᠠ᠂ ᠵᠠᠭᠠᠯᠳᠤᠭᠰᠠᠨ ᠪᠠᠶᠢᠳᠠᠯ ᠢᠶᠠᠨ ᠵᠠᠭᠠᠯᠳᠤᠭᠳᠠᠭᠰᠠᠨ ᠲᠠᠯ᠎ᠠ ᠳᠤ ᠴᠠᠭ ᠲᠤᠬᠠᠢ ᠳᠤᠨᠢ ᠮᠡᠳᠡᠭᠳᠡᠬᠦ ᠶᠢᠨ ᠬᠠᠮᠲᠤ ᠮᠡᠳᠡᠭᠳᠡᠯ ᠢ ᠣᠯᠣᠭᠰᠠᠨ ᠤ ᠳᠠᠷᠠᠭ᠎ᠠ 3 ᠡᠳᠦᠷ ᠤᠨ ᠳᠣᠲᠣᠷ᠎ᠠ ᠰᠢᠢᠳᠪᠦᠷᠢᠯᠡᠭᠦᠯᠬᠦ ᠪᠠᠷ ᠱᠠᠭᠠᠷᠳᠠᠵᠤ᠂ ᠲᠠᠷᠢᠶᠠᠯᠠᠩ ᠤᠨ ᠶᠠᠭᠠᠷᠠᠤ ᠤᠯᠠᠷᠢᠯ ᠳᠤ 2 ᠡᠳᠦᠷ ᠤᠨ ᠳᠣᠲᠣᠷ᠎ᠠ ᠰᠢᠢᠳᠪᠦᠷᠢᠯᠡᠬᠦ ᠬᠡᠷᠡᠭᠲᠡᠢ᠃ ᠶᠡᠷᠦ ᠶᠢᠨ ᠪᠠᠶᠢᠳᠠᠯ ᠳᠤ ᠠᠪᠴᠤ ᠬᠡᠯᠡᠪᠡᠯ᠂ ᠡᠶᠡᠳᠡᠭᠦᠯᠭᠡ ᠨᠢ ᠤᠷᠤᠭᠰᠢᠲᠠᠢ ᠪᠠᠶᠢᠬᠤ ᠡᠰᠡᠬᠦ ᠪᠠ ᠬᠡᠷᠡᠭ ᠢ ᠠᠯᠢ ᠲᠦᠷᠭᠡᠨ ᠢᠶᠠᠷ ᠳᠠᠭᠤᠰᠬᠠᠵᠤ ᠳᠡᠶᠢᠯᠬᠦ ᠡᠰᠡᠬᠦ ᠨᠢ ᠵᠠᠭᠠᠯᠳᠤᠭᠰᠠᠨ ᠬᠤᠶᠠᠷ ᠡᠲᠡᠭᠡᠳ ᠤᠨ ᠬᠠᠮᠵᠢᠯᠴᠠᠬᠤ ᠬᠡᠮᠵᠢᠶ᠎ᠡ ᠪᠠᠷ ᠲᠣᠭᠲᠠᠭᠠᠭᠳᠠᠨ᠎ᠠ᠃      5.︽ᠲᠠᠷᠢᠶᠠᠯᠠᠩ ᠤᠨ ᠮᠠᠰᠢᠨ ᠤ ᠭᠤᠷᠪᠠ ᠶᠢ ᠳᠠᠭᠠᠭᠠᠴᠢᠯᠠᠬᠤ︾ ᠭᠡᠳᠡᠭ  ᠨᠢ ᠶᠠᠮᠠᠷ ᠤᠳᠬ᠎ᠠ ᠲᠠᠢ ᠪᠤᠢ︖      ᠬᠠᠷᠢᠭᠤᠯᠲᠠ᠄ ᠭᠤᠷᠪᠠ ᠶᠢ ᠳᠠᠭᠠᠭᠠᠴᠢᠯᠠᠬᠤ ᠭᠡᠳᠡᠭ ᠪᠣᠯ ᠵᠠᠰᠠᠬᠤ᠂ ᠰᠣᠯᠢᠬᠤ᠂ ᠪᠤᠴᠠᠭᠠᠬᠤ ᠶᠢ ᠳᠠᠭᠠᠭᠠᠴᠢᠯᠠᠬᠤ ᠶᠢᠨ ᠲᠣᠪᠴᠢ ᠨᠡᠷᠡᠶᠢᠳᠦᠯ ᠪᠣᠯᠣᠨ᠎ᠠ᠂ ᠲᠠᠷᠢᠶᠠᠯᠠᠩ ᠤᠨ ᠮᠠᠰᠢᠨ ᠤ ᠭᠤᠷᠪᠠ ᠶᠢ ᠳᠠᠭᠠᠭᠠᠴᠢᠯᠠᠬᠤ ᠭᠡᠳᠡᠭ ᠪᠣᠯ ᠲᠠᠷᠢᠶᠠᠯᠠᠩ ᠤᠨ ᠮᠠᠰᠢᠨ ᠤ ᠪᠣᠷᠣᠯᠠᠭᠤᠯᠤᠭᠴᠢ ᠠᠴᠠ ᠬᠤᠳᠠᠯᠳᠤᠨ ᠠᠪᠤᠭᠴᠢ ᠳᠤ ᠠᠮᠠᠯᠠᠭᠰᠠᠨ ᠬᠤᠭᠤᠴᠠᠭᠠᠨ ᠳᠠᠭᠠᠨ ᠬᠠᠩᠭᠠᠭᠰᠠᠨ ᠦᠨ᠎ᠡ ᠲᠥᠯᠥᠪᠦᠷᠢ ᠦᠭᠡᠢ ᠪᠠᠷ ᠵᠠᠰᠠᠬᠤ᠂ ᠰᠣᠯᠢᠬᠤ ᠪᠤᠶᠤ ᠪᠠᠷᠠᠭ᠎ᠠ ᠪᠤᠴᠠᠭᠠᠬᠤ ᠶᠢᠨ ᠶᠠᠰᠤ ᠴᠢᠨᠠᠷ ᠤᠨ ᠪᠠᠲᠤᠯᠠᠭ᠎ᠠ ᠪᠠ ᠦᠢᠯᠡᠴᠢᠯᠡᠭᠡᠨ ᠤ ᠠᠮᠠᠯᠠᠯᠲᠠ ᠶᠢ ᠵᠢᠭᠠᠵᠤ ᠪᠠᠶᠢᠨ᠎ᠠ᠃ ᠭᠤᠷᠪᠠ ᠶᠢ ᠳᠠᠭᠠᠭᠠᠴᠢᠯᠠᠬᠤ ᠶᠢ ᠬᠡᠷᠡᠭᠵᠢᠭᠦᠯᠬᠦ ᠨᠥᠬᠦᠴᠡᠯ ᠤᠨ ᠲᠤᠬᠠᠢ ᠲᠣᠭᠲᠠᠭᠠᠯ ᠢ ︽ᠲᠠᠷᠢᠶᠠᠯᠠᠩ ᠤᠨ ᠮᠠᠰᠢᠨ ᠤ ᠦᠢᠯᠡᠳᠬᠦᠨ  ᠢ ᠰᠡᠯᠪᠢᠨ ᠵᠠᠰᠠᠬᠤ᠂ ᠰᠣᠯᠢᠬᠤ᠂ ᠪᠠᠷᠠᠭ᠎ᠠ ᠪᠤᠴᠠᠭᠠᠬᠤ ᠬᠠᠷᠢᠭᠤᠴᠠᠯᠭ᠎ᠠ ᠶᠢᠨ ᠲᠤᠬᠠᠢ ᠲᠣᠭᠲᠠᠭᠠᠯ︾ ︵ᠳᠣᠷᠣᠭᠰᠢ ︽ᠲᠠᠷᠢᠶᠠᠯᠠᠩ ᠤᠨ ᠮᠠᠰᠢᠨ ᠤ ᠭᠤᠷᠪᠠ ᠶᠢ ᠳᠠᠭᠠᠭᠠᠴᠢᠯᠠᠬᠤ ᠶᠢᠨ ᠲᠤᠬᠠᠢ ᠲᠣᠭᠲᠠᠭᠠᠯ︾ ᠭᠡᠵᠦ ᠲᠣᠪᠴᠢᠯᠠᠨ᠎ᠠ︶ ᠤᠨ ᠬᠤᠷᠢᠨ ᠵᠢᠷᠭᠤᠳᠤᠭᠠᠷ ᠵᠦᠢᠯ᠂ ᠬᠤᠷᠢᠨ ᠨᠠᠢᠮᠠᠳᠤᠭᠠᠷ ᠵᠦᠢᠯ᠂ ᠬᠤᠷᠢ ᠶᠢᠰᠦᠳᠦᠭᠡᠷ ᠵᠦᠢᠯ ᠪᠣᠯᠤᠨ ᠭᠤᠴᠢᠳᠤᠭᠠᠷ ᠵᠦᠢᠯ ᠳᠤ ᠨᠠᠷᠢᠪᠴᠢᠯᠠᠨ ᠦᠵᠡᠭᠡᠷᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号