7 ᠰᠠᠷ᠎ᠠ ᠶᠢᠨ 3 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠭᠤᠷᠪᠠᠳᠤᠭᠠᠷ ᠬᠤᠭᠤᠴᠠᠭᠠᠨ ᠤ ᠪᠣᠯᠪᠠᠰᠤᠨ ᠤ ᠰᠣᠯᠢᠯᠴᠠᠭ᠎ᠠ ᠲᠣᠯᠢᠳᠠᠯ ᠤᠨ ᠶᠠᠷᠢᠯᠴᠠᠭᠠᠨ ᠤ ᠬᠤᠷᠠᠯ ᠵᠢᠴᠢ | ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠬᠢᠲᠠᠳᠴᠢ ᠡᠷᠳᠡᠮᠲᠡᠳ ᠤᠨ ᠶᠡᠭᠡ ᠬᠤᠷᠠᠯ ᠳᠤ ᠪᠠᠶᠠᠷ ᠤᠨ ᠵᠠᠬᠢᠳᠠᠯ | ᠢᠯᠡᠭᠡᠪᠡ᠃ | ᠰᠢ ᠶᠢᠨ ᠫᠢᠩ᠂ ᠬᠥᠮᠥᠨ ᠲᠥᠷᠥᠯᠬᠢᠲᠡᠨ ᠤ ᠲᠡᠦᠬᠡ ᠶᠢᠨ ᠤᠷᠳᠤ ᠠᠬᠢᠴᠠ ᠳᠤᠮᠳᠠ᠂ ᠳᠡᠯᠡᠬᠡᠢ ᠶᠢᠨ | ᠦᠨᠳᠦᠰᠦᠲᠡᠨ ᠨᠦᠭᠦᠳ ᠲᠤᠰ ᠪᠡᠶ᠎ᠡ ᠶᠢᠨ ᠣᠨᠴᠠᠯᠢᠭ ᠪᠣᠯᠣᠨ ᠰᠢᠨᠵᠢ ᠲᠡᠮᠳᠡᠭ ᠪᠦᠬᠦᠢ ᠪᠣᠯᠪᠠᠰᠤᠨ ᠢ ᠡᠭᠦᠳᠪᠡ᠃ ᠠᠳᠠᠯᠢ | ᠪᠤᠰᠤ ᠪᠣᠯᠪᠠᠰᠤᠨ ᠤ ᠬᠤᠭᠤᠷᠣᠨᠳᠤ ᠡᠷᠬᠡ ᠲᠡᠭᠰᠢ ᠪᠠᠷ ᠰᠣᠯᠢᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠨᠢ | ᠬᠥᠮᠥᠨ ᠲᠥᠷᠥᠯᠬᠢᠲᠡᠨ ᠤ ᠴᠠᠭ ᠦᠶ᠎ᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠠᠮᠲᠤ ᠶᠢᠨ ᠬᠥᠭᠵᠢᠯᠲᠡ ᠶᠢ | ᠪᠡᠶᠡᠯᠡᠭᠦᠯᠬᠦ ᠳᠤ ᠬᠦᠴᠦᠷᠬᠡᠭ ᠶᠡᠭᠡ ᠤᠶᠤᠨ ᠰᠠᠨᠠᠭᠠᠨ ᠤ ᠵᠢᠯᠣᠭᠤᠳᠤᠮᠵᠢ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠡᠩᠬᠡ ᠲᠠᠶᠢᠪᠤᠩ᠂ | ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠭᠡᠬᠦ ᠪᠦᠭᠦ ᠬᠥᠮᠥᠨ ᠲᠥᠷᠥᠯᠬᠢᠲᠡᠨ ᠤ | ᠬᠠᠮᠲᠤ ᠶᠢᠨ ᠥᠷᠲᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ | ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠢᠯᠡᠨ ᠳᠠᠪᠠᠵᠤ᠂ ᠪᠣᠯᠪᠠᠰᠤᠨ ᠤ ᠲᠣᠯᠢᠳᠠᠯ ᠢᠶᠠᠷ ᠪᠣᠯᠪᠠᠰᠤᠨ ᠤ | ᠮᠥᠷᠭᠦᠯᠳᠦᠭᠡᠨ ᠢ ᠢᠯᠡᠨ ᠳᠠᠪᠠᠵᠤ᠂ ᠪᠣᠯᠪᠠᠰᠤᠨ ᠤ ᠪᠠᠭᠲᠠᠭᠠᠮᠵᠢ ᠪᠠᠷ ᠪᠣᠯᠪᠠᠰᠤᠨ ᠤ ᠳᠠᠪᠠᠭᠤᠯᠢᠭ ᠢ ᠢᠯᠡᠨ ᠳᠠᠪᠠᠵᠤ᠂ ᠭᠠᠷ | ᠬᠤᠯᠪᠣᠨ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠤᠨ᠎ᠠ᠃ ᠡᠯ᠎ᠡ ᠤᠯᠤᠰ ᠤᠨ ᠬᠢᠲᠠᠳᠴᠢ | ᠡᠷᠳᠡᠮᠲᠡᠳ ᠳᠤᠮᠳᠠᠳᠤ ᠭᠠᠳᠠᠭᠠᠳᠤ ᠶᠢᠨ ᠪᠣᠯᠪᠠᠰᠤᠨ ᠤ ᠠᠭᠤᠰᠤᠯᠴᠠᠨ ᠨᠡᠪᠲᠡᠷᠡᠯᠴᠡᠬᠦ ᠡᠯᠴᠢ ᠪᠣᠯᠤᠭᠰᠠᠨ ᠤ ᠬᠤᠪᠢ ᠳᠤ᠂ | ᠳᠤᠮᠳᠠᠳᠤ ᠭᠠᠳᠠᠭᠠᠳᠤ ᠶᠢᠨ ᠰᠣᠶᠣᠯ ᠢ ᠨᠡᠪᠲᠡᠷᠡᠯᠴᠡᠭᠦᠯᠬᠦ᠂ ᠣᠶᠢᠯᠠᠭᠠᠯᠴᠠᠭ᠎ᠠ ᠨᠥᠬᠦᠷᠯᠡᠯ ᠬᠠᠮᠲᠤᠷᠠᠯᠴᠠᠭ᠎ᠠ ᠶᠢ | ᠵᠤᠵᠠᠭᠠᠳᠬᠠᠬᠤ ᠳᠤ ᠨᠡᠩ ᠢᠳᠡᠪᠬᠢᠲᠡᠢ ᠴᠢᠷᠮᠠᠶᠢᠯᠭ᠎ᠠ ᠭᠠᠷᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠭᠤᠷᠪᠠᠳᠤᠭᠠᠷ ᠬᠤᠭᠤᠴᠠᠭᠠᠨ ᠤ ᠪᠣᠯᠪᠠᠰᠤᠨ ᠤ ᠰᠣᠯᠢᠯᠴᠠᠭ᠎ᠠ ᠲᠣᠯᠢᠳᠠᠯ ᠤᠨ ᠶᠠᠷᠢᠯᠴᠠᠭᠠᠨ ᠤ ᠬᠤᠷᠠᠯ ᠵᠢᠴᠢ | ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠬᠢᠲᠠᠳᠴᠢ ᠡᠷᠳᠡᠮᠲᠡᠳ ᠤᠨ ᠶᠡᠭᠡ ᠬᠤᠷᠠᠯ ᠢ ᠳᠤᠮᠳᠠᠳᠤ ᠤᠯᠤᠰ ᠤᠨ ᠤᠯᠠᠨ | ᠤᠯᠤᠰ ᠤᠨ ᠰᠣᠯᠢᠯᠴᠠᠭᠠᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ 3 ᠤ ᠡᠳᠦᠷ ᠪᠡᠭᠡᠵᠢᠩ ᠳᠤ ᠡᠬᠢᠯᠡᠵᠦ᠂ ᠭᠤᠣᠯ | ᠰᠡᠳᠦᠪ ᠨᠢ ︽ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠭᠠᠷ ᠬᠤᠯᠪᠣᠨ | ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠵᠢᠷᠤᠭᠯᠠᠶ᠎ᠠ︾ ᠪᠣᠯᠣᠨ᠎ᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 3 ᠤ ᠴᠠᠭᠢᠯᠭᠠᠨ ᠮᠡᠳᠡᠭᠡ︶ |