ᠪᠦᠬᠦ ᠤᠷᠤᠨ ᠤ ᠲᠠᠷᠢᠶᠠᠨ ᠭᠠᠵᠠᠷ ᠤᠨ ᠪᠠᠶᠢᠳᠠᠯ ᠢ ᠨᠠᠷᠢᠯᠢᠭ ᠣᠶᠢᠯᠠᠭᠠᠵᠤ ᠲᠠᠷᠢᠶᠠᠨ ᠭᠠᠵᠠᠷ ᠤᠨ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠪᠠᠷ ᠠᠰᠢᠭᠯᠠᠨ᠎ᠠ
ᠨᠡᠶᠢᠲᠡᠯᠡᠭᠰᠡᠨ ᠴᠠᠭ᠄
2023/7/6
      ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭ᠎ᠠ ᠶᠢᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠢᠨ ᠣᠶᠢᠷ᠎ᠠ ᠳᠤ ᠬᠥᠬᠡᠬᠤᠲᠠ ᠶᠢᠨ ᠬᠤᠷᠢᠨᠭᠡᠷ ᠰᠢᠶᠠᠨ ᠳᠤ ᠭᠦᠨᠵᠡᠭᠡᠶᠢᠷᠡᠨ ᠂ ᠬᠥᠷᠥᠰᠥ ᠰᠢᠷᠣᠢ ᠶᠢᠨ ᠲᠥᠷᠥᠯ ᠬᠡᠯᠪᠡᠷᠢ ᠵᠢᠴᠢ ᠲᠠᠷᠬᠠᠯᠲᠠ ᠶᠢᠨ ᠵᠢᠮ᠎ᠡ ᠶᠣᠰᠣ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠬᠡᠮᠵᠢᠶ᠎ᠡ ᠪᠠ ᠶᠠᠰᠤ ᠴᠢᠨᠠᠷ ᠵᠡᠷᠭᠡ ᠶᠢ ᠪᠠᠶᠢᠴᠠᠭᠠᠭᠰᠠᠨᠪᠠᠶᠢᠨ᠎ᠠ ᠃      ᠤᠳᠤᠬᠠᠨ ᠳᠤ ᠮᠠᠨ ᠤ ᠤᠷᠤᠨ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠳᠠᠯ᠎ᠠ ᠪᠠᠷ ᠥᠷᠨᠢᠭᠦᠯᠵᠦ᠂ ᠲᠠᠷᠢᠶᠠᠨ ᠭᠠᠵᠠᠷ ᠤᠨ ᠪᠠᠶᠢᠳᠠᠯ ᠢ ᠲᠣᠳᠣᠷᠬᠠᠢ ᠣᠶᠢᠯᠠᠭᠠᠵᠤ ᠪᠤᠢ᠃ ᠮᠠᠨ ᠤ ᠣᠷᠣᠨ 45 ᠬᠤᠰᠢᠭᠤ ᠰᠢᠶᠠᠨ ᠢ ᠨᠡᠶᠢᠳᠡᠮ ᠪᠠᠶᠢᠴᠠᠭᠠᠯᠲᠠ ᠶᠢᠨ ᠬᠦᠷᠢᠶ᠎ᠡ ᠬᠡᠪᠴᠢᠶᠡᠨ ᠳᠤ ᠵᠢᠭᠰᠠᠭᠠᠨ ᠣᠷᠣᠭᠤᠯᠵᠤ᠂ ︽ᠨᠢᠭᠡ ᠲᠠᠯ᠎ᠠ ᠪᠠᠷ ᠨᠡᠶᠢᠳᠡᠮ ᠪᠠᠶᠢᠴᠠᠭᠠᠵᠤ ᠂ ᠨᠢᠭᠡ ᠲᠠᠯ᠎ᠠ ᠪᠠᠷ ᠬᠤᠷᠢᠶᠠᠩᠭᠤᠶᠢᠯᠠᠵᠤ ᠂ ᠨᠢᠭᠡ ᠲᠠᠯ᠎ᠠ ᠪᠠᠷ ᠬᠡᠷᠡᠭᠯᠡᠬᠦ︾ ᠵᠠᠷᠴᠢᠮ ᠢ ᠪᠠᠷᠢᠮᠲᠠᠯᠠᠨ᠂ ᠬᠥᠷᠥᠰᠥ ᠰᠢᠷᠣᠢ ᠶᠢᠨ ᠶᠠᠰᠤ ᠴᠢᠨᠠᠷ ᠪᠠ ᠲᠠᠷᠢᠶᠠᠨ ᠭᠠᠵᠠᠷ ᠤᠨ ᠪᠠᠶᠢᠳᠠᠯ ᠢ ᠨᠠᠷᠢᠯᠢᠭ ᠣᠶᠢᠯᠠᠭᠠᠵᠤ ᠂ ᠲᠠᠷᠢᠶᠠᠨ ᠭᠠᠵᠠᠷ ᠤᠨ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠪᠠᠷ ᠠᠰᠢᠭᠯᠠᠬᠤ ᠳᠤ ᠰᠠᠭᠤᠷᠢ ᠲᠠᠯᠪᠢᠵᠤ ᠪᠤᠢ᠃ ᠡᠬᠦᠨ ᠳᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠠᠷ᠎ᠠ ᠬᠦᠷᠦᠰᠤᠳᠤ ᠣᠷᠣᠨ᠂ ᠬᠤᠵᠢᠷᠯᠢᠭ ᠭᠠᠵᠠᠷ᠂ ᠬᠠᠲᠤᠨ ᠭᠤᠣᠯ ᠤᠨ ᠰᠠᠪᠠ ᠭᠠᠵᠠᠷ ᠤᠨ ᠣᠷᠣᠨ ᠵᠡᠷᠭᠡ ᠣᠷᠣᠨ ᠪᠦᠰᠡ ᠳᠤ ᠠᠩᠬᠠᠷᠤᠯ ᠢᠶᠠᠨ ᠬᠠᠨᠳᠤᠭᠤᠯᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠡᠩ ᠲᠡᠷᠢᠭᠦᠨ ᠳᠤ ᠥᠷᠨᠢᠭᠦᠯᠵᠦ᠂ ᠲᠠᠷᠢᠶᠠᠨ ᠭᠠᠵᠠᠷ ᠢ ᠥᠨᠳᠥᠷ ᠦᠷ᠎ᠡ ᠠᠰᠢᠭ ᠲᠠᠢ ᠠᠰᠢᠭᠯᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ︔ ᠬᠥᠷᠥᠰᠥ ᠰᠢᠷᠣᠢ ᠶᠢᠨ ᠶᠠᠰᠤ ᠴᠢᠨᠠᠷ ᠢ ᠪᠠᠶᠢᠴᠠᠭᠠᠨ ᠲᠣᠳᠣᠯᠠᠭᠰᠠᠨ ᠰᠠᠭᠤᠷᠢᠨ ᠳᠡᠭᠡᠷ᠎ᠡ ᠬᠥᠷᠥᠰᠥ ᠰᠢᠷᠣᠢ ᠶᠢᠨ ᠲᠠᠷᠢᠶᠠᠯᠠᠩ ᠤᠨ ᠠᠰᠢᠭᠯᠠᠯᠲᠠ ᠶᠢᠨ ᠵᠣᠬᠢᠴᠠᠬᠤ ᠴᠢᠨᠠᠷ᠂ ᠦᠪᠡᠷᠮᠢᠴᠡ ᠤᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠨᠡᠭᠡᠭᠡᠨ ᠬᠥᠭᠵᠢᠭᠦᠯᠬᠦ ᠴᠢᠨᠠᠷ ᠵᠢᠴᠢ ᠲᠠᠷᠢᠶᠠᠨ ᠭᠠᠵᠠᠷ ᠤᠨ ᠶᠠᠰᠤ ᠴᠢᠨᠠᠷ ᠤᠨ ᠵᠡᠷᠭᠡ ᠳᠡᠰ ᠤᠨ ᠦᠨᠡᠯᠡᠯᠲᠡ ᠶᠢ ᠳᠣᠪᠤᠶᠢᠯᠭᠠᠵᠤ ᠂ ᠬᠠᠮᠠᠭᠠᠯᠠᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠨ᠎ᠠ︔ ᠪᠦᠬᠦ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ︽ᠠᠵᠢᠯᠯᠠᠭᠠᠨ ᠤ ᠵᠢᠷᠤᠭ︾ ᠢ ᠡᠯᠭᠦᠨ᠂ ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠲᠠᠷᠢᠶᠠᠯᠠᠬᠤ ᠡᠷᠦᠬᠡ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠵᠢᠯᠣᠭᠤᠳᠴᠤ ᠪᠠᠶᠢᠭᠠᠳ ᠬᠦᠷᠦᠰᠤ ᠰᠢᠷᠣᠢ ᠶᠢᠨ ᠪᠠᠶᠢᠳᠠᠯ ᠳᠤ ᠲᠣᠬᠢᠷᠠᠭᠤᠯᠤᠨ ᠲᠠᠷᠢᠵᠤ᠂ ᠭᠠᠵᠠᠷ ᠰᠢᠷᠣᠢ ᠶᠢᠨ ᠪᠠᠶᠢᠳᠠᠯ ᠳᠤ ᠲᠣᠬᠢᠷᠠᠭᠤᠯᠤᠨ ᠬᠥᠷᠥᠰᠥ ᠰᠢᠷᠣᠢ ᠶᠢᠨ ᠰᠢᠮ᠎ᠠ ᠬᠦᠴᠦ ᠶᠢ ᠰᠠᠶᠢᠵᠢᠷᠠᠭᠤᠯᠵᠤ ᠂ ᠲᠠᠷᠢᠶᠠᠨ ᠭᠠᠵᠠᠷ ᠤᠨ ᠶᠠᠰᠤ ᠴᠢᠨᠠᠷ ᠢ ᠰᠢᠨᠵᠢᠯᠡᠬᠦ ᠤᠬᠠᠭᠠᠨᠴᠢ ᠪᠠᠷ ᠥᠨᠳᠥᠷ ᠦᠷ᠎ᠡ ᠠᠰᠢᠭ ᠲᠠᠢ ᠪᠠᠷ ᠳᠡᠭᠡᠭᠰᠢᠯᠡᠭᠦᠯᠬᠦ ᠪᠤᠯᠤᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号