ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ ᠲᠥᠪ ᠤᠯᠠᠭᠠᠨᠬᠠᠳᠠ ᠬᠤᠲᠠ ᠳᠤ ᠬᠦᠷᠴᠦ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠵᠢᠴᠢ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/7/7
      ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠪᠠ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ 7 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ ᠲᠥᠪ ᠤᠨ ᠡᠷᠬᠢᠯᠡᠭᠴᠢ ᠸᠠᠩ ᠶᠤᠸᠠᠢ ᠹᠧᠢ ᠪᠦᠯᠬᠦᠮ ᠳᠠᠭᠠᠭᠤᠯᠤᠨ ᠤᠯᠠᠭᠠᠨᠬᠠᠳᠠ ᠬᠤᠲᠠ ᠳᠤ ᠬᠦᠷᠴᠦ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠵᠢᠴᠢ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠪᠦᠷᠢᠳᠬᠡᠯ ᠢ ᠦᠨᠳᠦᠰᠦᠯᠡᠪᠡᠯ᠂ ᠣᠲᠣ ᠪᠣᠯᠲᠠᠯ᠎ᠠ ᠤᠯᠠᠭᠠᠨᠬᠠᠳᠠ ᠬᠤᠲᠠ ᠳᠤ 312 ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠥᠬᠦ ᠬᠤᠲᠠ ᠶᠢᠨ 2744 ᠲᠦᠮᠡᠨ ᠮᠦ ᠲᠠᠷᠢᠶᠠᠨ ᠭᠠᠵᠠᠷ ᠢ ᠬᠠᠮᠤᠷᠴᠤ᠂ ᠲᠠᠷᠢᠶᠠᠨ ᠭᠠᠵᠠᠷ ᠢ 100% ᠪᠠᠷ ᠪᠦᠬᠦᠨ ᠢ ᠬᠠᠮᠤᠷᠬᠤ ᠶᠢ ᠪᠡᠶᠡᠯᠡᠭᠦᠯᠵᠦ᠂ 10 ᠲᠦᠮᠡᠨ ᠮᠦ ᠲᠠᠷᠢᠶᠠᠨ ᠭᠠᠵᠠᠷ ᠪᠦᠷᠢ ᠳᠤ ᠨᠠᠭᠠᠲᠤ ᠵᠠᠬ᠎ᠠ ᠳᠠᠭᠠᠨ ᠨᠢᠭᠡ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃ 
图片1.png
图片2.png
      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠦᠩᠱᠠᠨ ᠲᠣᠭᠤᠷᠢᠭ ᠤᠨ ᠠᠨᠴᠢᠩ ᠪᠠᠯᠭᠠᠰᠤ᠂ ᠲᠠᠶᠢᠫᠢᠩ ᠳ᠋ᠢ ᠪᠠᠯᠭᠠᠰᠤ᠂ ᠠᠤᠬᠠᠨ ᠬᠤᠰᠢᠭᠤᠨ ᠤ ᠰᠢᠨ ᠬᠤᠶ ᠪᠠᠯᠭᠠᠰᠤᠨ ᠳᠤ ᠬᠦᠷᠴᠦ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠵᠢᠵᠢᠭ ᠲᠣᠭᠤᠷᠢᠭ ᠤᠨ ᠪᠠᠶᠢᠷᠢᠯᠠᠭᠤᠯᠤᠯᠲᠠ ᠶᠢᠨ ᠵᠢᠷᠤᠮᠵᠢᠯᠳᠤ ᠴᠢᠨᠠᠷ᠂ ᠬᠢᠨᠠᠨ ᠬᠡᠮᠵᠢᠬᠦ ᠴᠡᠭ ᠤᠨ ᠫᠠᠶᠢᠰᠠ ᠶᠢᠨ ᠶᠠᠰᠤ ᠴᠢᠨᠠᠷ᠂ ᠣᠷᠣᠨ ᠪᠠᠶᠢᠷᠢ ᠵᠢᠴᠢ ᠠᠭᠤᠯᠭ᠎ᠠ ᠶᠢᠨ ᠣᠨᠣᠪᠴᠢᠲᠤ ᠴᠢᠨᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠤᠨ ᠠᠵᠢᠯᠯᠠᠭᠠᠨ ᠤ ᠲᠤᠬᠠᠢ ᠵᠦᠢ ᠵᠣᠬᠢᠰᠲᠠᠢ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ 2023 ᠣᠨ ᠳᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ᠂ ᠨᠢᠩᠴᠧᠩ ᠰᠢᠶᠠᠨ ᠲᠣᠰ ᠲᠣᠰ 5 ᠲᠦᠮᠡᠨ ᠮᠦ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠡᠭᠦᠷᠭᠡᠯᠡᠵᠦ᠂ ᠴᠥᠮ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠪᠠ᠃      ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠽᠦᠸᠧ ᠬᠤᠶ ᠵᠥᠩ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠮᠡᠷᠭᠡᠵᠢᠯᠲᠡᠨ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号