ᠵᠠᠭᠪᠤᠷ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠳᠠᠪᠠᠭᠤᠯᠢᠭ ᠠᠵᠤ ᠦᠢᠯᠡᠰ ᠢ ᠬᠦᠴᠦᠷᠬᠡᠭᠵᠢᠭᠦᠯᠦᠨ᠎ᠡ ︱ ᠳᠥᠷᠪᠡᠳ ᠬᠤᠰᠢᠭᠤᠨ ᠤ ᠬᠤᠩ ᠢᠦᠢ ᠲᠥᠮᠥᠰᠥ ᠲᠠᠷᠢᠬᠤ ᠲᠤᠰᠬᠠᠢ ᠬᠤᠷᠰᠢᠶ᠎ᠠ
ᠨᠡᠶᠢᠲᠡᠯᠡᠭᠰᠡᠨ ᠴᠠᠭ᠄
2023/8/1
      ᠳᠥᠷᠪᠡᠳ ᠬᠤᠰᠢᠭᠤᠨ ᠤ ᠬᠤᠩ ᠢᠦᠢ ᠲᠥᠮᠥᠰᠥ ᠳᠠᠷᠢᠬᠤ ᠲᠤᠰᠬᠠᠢ ᠬᠤᠷᠰᠢᠶ᠎ᠠ 2013 ᠣᠨ ᠳᠤ ᠪᠠᠶᠢᠭᠤᠯᠤᠭᠳᠠᠵᠤ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠲᠥᠮᠥᠰᠥᠨ ᠤ ᠰᠢᠵᠢᠷ ᠠᠯᠲᠠᠨ ᠤ ᠠᠵᠤ ᠦᠢᠯᠡᠰ ᠤᠨ ᠪᠦᠰᠡ ᠳᠤ ᠪᠠᠶᠢᠷᠢᠯᠠᠵᠤ ᠪᠠᠶᠢᠳᠠᠭ ᠃ ᠬᠤᠷᠰᠢᠶ᠎ᠠ ᠨᠢ ᠲᠥᠮᠥᠰᠥ ᠲᠠᠷᠢᠬᠤ ᠂ ᠬᠥᠮᠥᠷᠭᠡᠯᠡᠬᠦ ᠂ ᠪᠣᠷᠣᠯᠠᠭᠤᠯᠬᠤ ᠵᠡᠷᠭᠡ ᠲᠤᠬᠠᠶᠢᠯᠠᠭᠰᠠᠨ ᠠᠵᠢᠯ ᠢ ᠭᠤᠣᠯᠯᠠᠨ ᠡᠵᠡᠩᠨᠡᠵᠦ ᠂ ︽ ᠬᠤᠷᠰᠢᠶ᠎ᠠ + ᠬᠤᠷᠰᠢᠶ᠎ᠠ ︾ ᠂ ︽ᠬᠤᠷᠰᠢᠶ᠎ᠠ + ᠲᠠᠷᠢᠶᠠᠴᠢᠨ ᠡᠷᠦᠭᠡ ︾ ᠂ ︽ ᠬᠤᠷᠰᠢᠶ᠎ᠠ + ᠠᠵᠤ ᠠᠬᠤᠶᠢᠯᠠᠯ ᠤᠨ ᠵᠠᠬᠢᠶᠠᠯᠠᠭ᠎ᠠ ︾ ᠂ ︽ ᠬᠤᠷᠰᠢᠶ᠎ᠠ + ᠺᠣᠮᠫᠠᠨᠢ ︾ ᠵᠡᠷᠭᠡ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ ᠂ ᠲᠥᠮᠥᠰᠥ ᠶᠢᠨ ᠠᠵᠤ ᠦᠢᠯᠡᠰ ᠤᠨ ᠬᠡᠯᠬᠢᠶ᠎ᠡ ᠶᠢ ᠪᠦᠲᠦᠮᠵᠢᠲᠡᠢ ᠤᠷᠲᠤᠳᠬᠠᠵᠤ ᠂ ᠲᠠᠷᠢᠮᠠᠯ ᠤᠨ ᠠᠰᠢᠭ ᠣᠷᠣᠯᠭ᠎ᠠ ᠶᠢ ᠨᠡᠮᠡᠭᠳᠡᠭᠦᠯᠵᠡᠢ ᠃
图片1.png
      ᠨᠢᠭᠡ ᠂ ᠮᠡᠷᠭᠡᠵᠢᠯ ᠤᠨ ᠰᠢᠨ᠎ᠡ ᠶᠢ ᠡᠭᠦᠳᠴᠦ ᠂ ᠪᠣᠬᠢᠷᠲᠤᠯ ᠦᠭᠡᠢ ᠥᠨᠳᠥᠷ ᠬᠤᠷᠢᠶᠠᠯᠲᠠ ᠲᠠᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠤᠢ ᠪᠣᠯᠭᠠᠪᠠ      ᠬᠤᠷᠰᠢᠶ᠎ᠠ ᠪᠠᠶᠢᠭᠤᠯᠤᠭᠳᠠᠭᠰᠠᠨ ᠠᠴᠠ ᠨᠠᠰᠢ᠂ ᠰᠠᠶᠢᠨ ᠡᠭᠦᠯᠳᠡᠷ ᠤᠨ ᠪᠦᠷᠬᠦᠴᠡ᠂ ᠮᠠᠰᠢᠨᠴᠢᠯᠠᠯᠲᠠ ᠪᠠᠷ ᠠᠵᠢᠯᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠡᠪᠡᠳᠴᠢᠨ ᠬᠤᠷᠣᠬᠠᠢ ᠶᠢᠨ ᠬᠥᠨᠥᠭᠡᠯ ᠤᠨ ᠪᠣᠬᠢᠷᠲᠤᠯ ᠦᠭᠡᠢ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠭᠡᠯᠵᠢᠯᠡᠨ ᠲᠠᠷᠢᠬᠤ ᠵᠡᠷᠭᠡ ᠰᠢᠨ᠎ᠡ ᠮᠡᠷᠭᠡᠵᠢᠯ ᠢ ᠶᠡᠭᠡ ᠪᠠᠷ ᠲᠥᠪᠯᠡᠷᠡᠭᠦᠯᠦᠨ ᠬᠡᠷᠡᠭᠯᠡᠵᠦ᠂ ᠢᠯᠡᠳᠲᠡ ᠦᠷ᠎ᠡ ᠪᠦᠲᠦᠮᠵᠢ ᠣᠯᠵᠤ᠂ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠨᠣᠷᠮ᠎ᠠ ᠶᠢ 96% ᠪᠣᠯᠲᠠᠯ᠎ᠠ ᠳᠡᠭᠡᠭᠰᠢᠯᠡᠭᠦᠯᠵᠦ᠂ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠢ ᠰᠡᠷᠭᠡᠶᠢᠯᠡᠨ  ᠨᠢᠭᠡᠳᠦᠯᠳᠠᠢ ᠵᠠᠰᠠᠭᠰᠠᠨ ᠪᠦᠷᠬᠦᠴᠡ ᠶᠢᠨ ᠨᠣᠷᠮ᠎ᠠ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠨᠣᠷᠮ᠎ᠠ ᠴᠥᠮ 100% ᠳᠤ ᠬᠦᠷᠴᠦ᠂ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢ ᠳᠠᠶᠢᠴᠢᠯᠠᠨ ᠳᠣᠣᠷ᠎ᠠ ᠲᠠᠰ ᠤᠨ ᠲᠥᠮᠥᠰᠥ ᠳᠠᠷᠢᠵᠤ ᠪᠠᠶᠢᠭᠰᠠᠨ  ᠠᠴᠠ ᠪᠠᠨ ᠳᠡᠭᠡᠳᠦ ᠲᠠᠰ ᠤᠨ ᠲᠥᠮᠥᠰᠥ ᠳᠠᠷᠢᠬᠤ ᠳᠠᠰᠢ ᠳᠠᠪᠰᠢᠭᠤᠯᠵᠤ᠂ ᠵᠠᠬ᠎ᠠ ᠳᠡᠯᠭᠡᠭᠦᠷ ᠤᠨ ᠲᠥᠮᠥᠰᠥ ᠳᠠᠷᠢᠵᠤ ᠪᠠᠶᠢᠭᠰᠠᠨ  ᠠᠴᠠ ᠪᠠᠨ ᠳᠠᠷᠢᠵᠤ ᠡᠳ᠋ᠰᠢᠭᠦᠯᠦᠭᠰᠡᠨ ᠲᠥᠮᠥᠰᠥ ᠳᠠᠷᠢᠬᠤ ᠳᠠᠰᠢ ᠬᠤᠪᠢᠷᠠᠭᠤᠯᠪᠠ᠃ 2019 ᠣᠨ ᠳᠤ ᠂ ᠬᠤᠷᠰᠢᠶ᠎ᠠ ᠠᠴᠠ ᠢᠰᠷᠧᠯ ᠤᠨ ᠨᠠᠶᠢᠲᠹᠢᠮ ᠤᠨ ᠣᠶᠤᠨᠲᠤ ᠳᠤᠰᠤᠯᠭᠠᠨ ᠤᠰᠤᠯᠠᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠤᠶᠤᠯᠢᠭ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠡᠵᠡᠮᠳᠡᠬᠦ ᠶᠢ ᠬᠡᠷᠡᠭᠯᠡᠵᠦ ᠂ ᠲᠥᠮᠥᠰᠥ ᠲᠠᠷᠢᠬᠤ ᠳᠤ ︽ ᠤᠰᠤ ᠠᠷᠪᠢᠯᠠᠬᠤ ᠂ ᠪᠦᠷᠬᠦᠪᠴᠢ ᠦᠭᠡᠢ ᠂ ᠠᠵᠤ ᠦᠢᠯᠡᠳᠪᠦᠷᠢ ᠳᠤ ᠠᠷᠪᠢᠲᠠᠢ ᠂ ᠭᠠᠷᠤᠯᠲᠠ ᠶᠢ ᠨᠡᠮᠡᠭᠳᠡᠭᠦᠯᠬᠦ ᠂ ᠪᠣᠷᠳᠣᠭᠤᠷ ᠬᠢᠵᠠᠭᠠᠷᠯᠠᠬᠤ ᠂ ᠡᠮ ᠢ ᠪᠠᠭᠠᠰᠬᠠᠬᠤ ᠂ ᠣᠶᠤᠨᠴᠢᠯᠠᠬᠤ ᠂ ᠦᠷ᠎ᠡ ᠠᠰᠢᠭ ᠢ ᠨᠡᠮᠡᠭᠳᠡᠭᠦᠯᠬᠦ ︾ ᠪᠣᠬᠢᠷᠲᠤᠯ ᠦᠭᠡᠢ ᠦᠢᠯᠡᠳᠪᠦᠷᠢᠯᠡᠯ ᠤᠨ ᠬᠠᠷᠠᠯᠲᠠ ᠶᠢ ᠪᠡᠶᠡᠯᠡᠭᠦᠯᠵᠦ ᠂ ᠲᠤᠬᠠᠢ ᠶᠢᠨ ᠵᠢᠯ ᠳᠤ ᠳᠠᠷᠢᠭᠰᠠᠨ 2800 ᠮᠦ ᠲᠥᠮᠥᠰᠥ ᠂ ᠮᠦ ᠪᠦᠷᠢ ᠶᠢᠨ ᠳᠤᠮᠳᠠᠴᠢ ᠲᠠᠯᠠᠪᠠᠢ ᠨᠢᠭᠡᠴᠢ ᠶᠢᠨ ᠤᠨᠠᠯᠲᠠ ᠶᠢ 4000 ᠵᠢᠩ ᠪᠠᠶᠢᠭᠰᠠᠨ ᠠᠴᠠ 1 ᠲᠦᠮᠡᠨ ᠵᠢᠩ ᠪᠣᠯᠭᠠᠨ ᠳᠡᠭᠡᠭᠰᠢᠯᠡᠭᠦᠯᠵᠦ ᠂ ᠲᠤᠬᠠᠢ ᠶᠢᠨ ᠭᠠᠵᠠᠷ ᠤᠨ ᠲᠥᠮᠥᠰᠥ ᠲᠠᠷᠢᠬᠤ ᠮᠡᠷᠭᠡᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠂ ᠮᠦ ᠪᠦᠷᠢ ᠶᠢᠨ ᠳᠤᠮᠳᠠᠴᠢ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠬᠡᠪ ᠳᠠᠭᠤᠷᠢᠶᠠᠯ ᠪᠣᠯᠤᠭᠰᠠᠨ ᠪᠠᠶᠢᠨ᠎ᠠ ᠃      ᠬᠤᠶᠠᠷ ᠂ ᠦᠢᠯᠡᠴᠢᠯᠡᠬᠦ ᠪᠠᠨ ᠴᠢᠩᠭᠠᠳᠬᠠᠵᠤ ᠂ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠰᠡᠳᠬᠢᠴᠡ ᠶᠢ ᠬᠦᠲᠦᠯᠦᠨ ᠳᠠᠭᠠᠭᠤᠯᠪᠠ      2019 ᠣᠨ ᠳᠤ ᠂ ᠬᠤᠷᠰᠢᠶ᠎ᠠ ᠠᠴᠠ ︽ ᠬᠥᠳᠡᠭᠡ ᠠᠵᠤ ᠠᠬᠤᠢ ᠶᠢ ᠪᠤᠵᠠᠭᠠᠶᠢᠷᠠᠭᠤᠯᠬᠤ ᠪᠢᠰᠢ ᠂ ᠬᠠᠷᠢᠨ ᠨᠠᠷᠢᠯᠢᠭ ᠬᠢᠬᠦ ︾ ᠬᠥᠭᠵᠢᠯᠲᠡ ᠶᠢᠨ ᠰᠡᠳᠬᠢᠴᠡ ᠶᠢ ᠳᠤᠷᠠᠳᠴᠤ ᠂ ᠤᠤᠯ ᠤᠨ 9000 ᠮᠦ ᠡᠷᠭᠢᠯᠲᠡ ᠳᠤ ᠣᠷᠣᠭᠤᠯᠤᠭᠰᠠᠨ ᠭᠠᠵᠠᠷ ᠰᠢᠷᠣᠢ ᠶᠢ ᠭᠤᠷᠪᠠᠨ ᠲᠤᠰᠠᠭᠠᠷ ᠲᠠᠷᠢᠶᠠᠯᠠᠩ ᠤᠨ ᠲᠠᠯᠠᠪᠠᠢ ᠬᠤᠪᠢᠶᠠᠨ ᠡᠵᠡᠩᠨᠡᠵᠦ ᠂ ᠭᠤᠷᠪᠠᠨ ᠵᠢᠱᠢᠶ᠎ᠡ ᠦᠵᠡᠭᠦᠯᠬᠦ ᠬᠡᠯᠪᠡᠷᠢ ᠶᠢᠨ ᠲᠠᠷᠢᠶᠠᠯᠠᠩ ᠤᠨ ᠲᠠᠯᠠᠪᠠᠢ ᠶᠢ ᠪᠠᠶᠢᠭᠤᠯᠪᠠ᠃ ᠡᠯ᠎ᠡ ᠲᠠᠷᠢᠶᠠᠯᠠᠩ ᠤᠨ ᠲᠠᠯᠠᠪᠠᠢ ᠨᠤᠭᠤᠳ ᠲᠠᠷᠢᠶᠠᠯᠠᠩ ᠤᠨ ᠮᠠᠰᠢᠨ ᠪᠠᠭᠠᠵᠢ ᠶᠢ ᠡᠮᠬᠢᠯᠡᠨ ᠨᠡᠶᠢᠯᠡᠭᠦᠯᠵᠦ ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ ᠂ ᠥᠪᠡᠷ ᠤᠨ ᠲᠠᠷᠢᠶᠠᠯᠠᠩ ᠤᠨ ᠲᠠᠯᠠᠪᠠᠢ ᠳᠠᠭᠠᠨ ᠠᠵᠢᠯᠯᠠᠬᠤ ᠶᠢᠨ ᠬᠠᠮᠲᠤ ᠪᠠᠰᠠ ᠡᠷᠬᠢᠨ ᠲᠣᠭᠤᠷᠢᠨ ᠤ ᠲᠠᠷᠢᠶᠠᠴᠢᠨ ᠡᠷᠤᠭᠡ ᠳᠤ ᠣᠷᠣᠯᠠᠨ ᠲᠠᠷᠢᠵᠤ ᠥᠭᠴᠦ ᠂ ᠲᠤᠬᠠᠢ ᠶᠢᠨ ᠵᠢᠯ ᠳᠤ ᠲᠠᠷᠢᠶᠠᠯᠠᠩ ᠤᠨ ᠲᠠᠯᠠᠪᠠᠢ ᠨᠢᠭᠡᠪᠦᠷᠢ 100 ᠭᠠᠷᠤᠢ ᠲᠦᠮᠡᠨ ᠲᠥᠭᠦᠷᠢᠭ ᠤᠨ ᠠᠰᠢᠭ ᠬᠤᠨᠵᠢᠪᠤᠷᠢ ᠣᠯᠵᠠᠢ ᠃ 2022 ᠣᠨ ᠳᠤ ᠂ ᠬᠤᠷᠰᠢᠶ᠎ᠠ ᠠᠴᠠ ᠳᠥᠷᠪᠡᠳ ᠬᠤᠰᠢᠭᠤᠨ ᠤ ᠯᠢᠶᠠᠨ ᠱᠧᠩ ᠨᠦᠩ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢ ᠪᠠᠶᠢᠭᠤᠯᠵᠤ ᠂ ᠲᠤᠰᠬᠠᠢ ᠦᠢᠯᠡᠴᠢᠯᠡᠭᠡᠨ ᠤ ᠪᠦᠯᠬᠦᠮ ᠪᠠᠶᠢᠭᠤᠯᠵᠤ ᠂ ᠤᠯᠤᠰ ᠤᠨ ᠳᠣᠲᠣᠭᠠᠳᠤ ᠶᠢᠨ 2 ᠨᠡᠷᠡᠳᠦ ᠫᠷᠤᠹᠥᠰᠰᠤᠷ ᠢ ᠤᠷᠢᠵᠤ ᠵᠢᠯᠣᠭᠤᠳᠤᠯᠭ᠎ᠠ ᠬᠢᠯᠭᠡᠵᠦ ᠂ ᠲᠥᠮᠥᠰᠥ ᠶᠢᠨ ᠪᠦᠬᠦ ᠶᠠᠪᠤᠴᠠ ᠳᠤ ᠠᠵᠢᠯᠯᠠᠬᠤ ᠲᠥᠬᠦᠭᠡᠷᠦᠮᠵᠢ ᠶᠢ 3 ᠢᠵᠢ ᠨᠡᠶᠢᠳᠬᠡᠵᠦ ᠂ ᠡᠷᠬᠢᠨ ᠲᠣᠭᠤᠷᠢᠨ ᠤ 6000 ᠮᠦ ᠲᠥᠮᠥᠰᠥ ᠳᠤ ᠪᠦᠬᠦ ᠶᠠᠪᠤᠴᠠ ᠳᠤ ᠠᠵᠢᠯᠯᠠᠬᠤ ᠦᠢᠯᠡᠴᠢᠯᠡᠭᠡ ᠬᠠᠩᠭᠠᠵᠤ ᠂ ᠡᠷᠬᠢᠨ ᠲᠣᠭᠤᠷᠢᠨ ᠤ 2 ᠲᠦᠮᠡᠨ ᠮᠦ ᠲᠥᠮᠥᠰᠥ ᠶᠢ ᠳᠠᠶᠢᠴᠢᠯᠠᠨ ᠪᠠᠷᠢᠮᠵᠢᠶᠠᠵᠢᠭᠤᠯᠤᠨ ᠲᠠᠷᠢᠬᠤ ᠶᠢ ᠪᠡᠶᠡᠯᠡᠭᠦᠯᠪᠡ ᠃      ᠭᠤᠷᠪᠠ ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠵᠦ ᠂ ᠡᠷᠴᠢᠮᠵᠢᠭᠦᠯᠦᠭᠰᠡᠨ ᠡᠵᠡᠩᠨᠡᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠪᠡ      ᠬᠤᠷᠰᠢᠶ᠎ᠠ  ᠨᠢ ᠨᠢᠭᠡᠳᠦᠯᠲᠡᠢ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠂ ᠨᠢᠭᠡᠳᠦᠯᠲᠡᠢ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠂ ᠨᠢᠭᠡᠳᠦᠯᠲᠡᠢ ᠮᠡᠷᠭᠡᠵᠢᠯ ᠤᠨ ᠦᠢᠯᠡᠴᠢᠯᠡᠭᠡ ᠂ ᠨᠢᠭᠡᠳᠦᠯᠲᠡᠢ ᠲᠠᠷᠢᠬᠤ ᠂ ᠨᠢᠭᠡᠳᠦᠯᠲᠡᠢ ᠲᠠᠷᠢᠶᠠᠨ ᠤ ᠬᠠᠮᠢᠶᠠᠷᠤᠯᠲᠠ ᠶᠢ ᠨᠢᠭᠡᠳᠬᠡᠬᠦ ᠂ ᠨᠢᠭᠡᠳᠦᠯᠲᠡᠢ ᠬᠥᠮᠥᠷᠭᠡᠯᠡᠬᠦ ᠂ ᠨᠢᠭᠡᠳᠦᠯᠲᠡᠢ ᠦᠨ᠎ᠡ ᠲᠣᠭᠲᠠᠭᠠᠨ ᠪᠣᠷᠣᠯᠠᠭᠤᠯᠬᠤ ︽ ᠳᠤᠯᠤᠭ᠎ᠠ ᠶᠢ ᠨᠢᠭᠡᠳᠬᠡᠬᠦ ︾ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ ᠂ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠴᠢᠨᠠᠷ ᠢ ᠬᠠᠮᠠᠭᠠᠯᠠᠬᠤ ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠂ ᠠᠵᠤ ᠦᠢᠯᠡᠰ ᠤᠨ ᠬᠥᠭᠵᠢᠯᠲᠡ ᠶᠢᠨ ︽ ᠳᠦᠷᠪᠡᠨ ᠲᠠᠯ᠎ᠠ ᠪᠠᠷ ᠠᠰᠢᠭ ᠬᠦᠷᠳᠡᠬᠦ ︾ ᠶᠢ ᠪᠡᠶᠡᠯᠡᠭᠦᠯᠦᠭᠰᠡᠨ ᠪᠠᠶᠢᠨ᠎ᠠ ᠃ 2021 ᠣᠨ ᠳᠤ ᠂ ᠬᠤᠷᠰᠢᠶ᠎ᠠ ᠨᠢ ᠪᠤᠰᠤᠳ 6 ᠬᠤᠷᠰᠢᠶ᠎ᠠ ᠂ 1 ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠂ 18 ᠭᠡᠰᠢᠭᠦᠨ ᠲᠠᠢ ᠬᠤᠯᠪᠤᠭᠠᠯᠠᠨ ᠂ ᠡᠷᠬᠢᠨ ᠲᠣᠭᠤᠷᠢᠨ ᠤ 206 ᠲᠠᠷᠢᠶᠠᠴᠢᠨ ᠡᠷᠦᠬᠡ ᠶᠢ ᠰᠢᠭᠤᠳ ᠳᠠᠶᠢᠴᠢᠯᠠᠨ 2 ᠲᠦᠮᠡ ᠭᠠᠷᠤᠢ ᠮᠦ ᠲᠥᠮᠥᠰᠥ ᠲᠠᠷᠢᠵᠤ ᠂ 5 ᠲᠦᠮᠡ ᠭᠠᠷᠤᠢ ᠮᠦ ᠲᠥᠮᠥᠰᠥ ᠲᠠᠷᠢᠬᠤ ᠶᠢ ᠨᠥᠯᠥᠭᠡᠯᠡᠨ ᠳᠠᠶᠢᠴᠢᠯᠠᠵᠤ ᠂ ᠲᠥᠮᠥᠰᠥ ᠲᠠᠷᠢᠬᠤ ᠶᠢ ᠡᠷᠴᠢᠮᠵᠢᠭᠦᠯᠭ᠊ ‍ᠤ᠋᠂ ᠪᠠᠷᠢᠮᠵᠢᠶᠠᠵᠢᠭᠤᠯᠬᠤ ᠂ ᠬᠡᠪᠴᠢᠶᠡᠵᠢᠭᠦᠯᠬᠦ ᠲᠦᠪᠰᠢᠨ ᠢ ᠶᠡᠬᠡᠪᠡᠷ ᠳᠡᠭᠡᠭᠰᠢᠯᠡᠭᠦᠯᠵᠦ ᠂ ᠮᠦ ᠪᠦᠷᠢ ᠶᠢᠨ ᠳᠤᠮᠳᠠᠴᠢ ᠲᠠᠯᠠᠪᠠᠢ ᠨᠢᠭᠡᠴᠢ ᠶᠢᠨ ᠤᠨᠠᠯᠲᠠ ᠶᠢ 4000 ᠵᠢᠩ ᠪᠠᠶᠢᠭᠰᠠᠨ ᠠᠴᠠ 8000 ᠵᠢᠩ ᠪᠣᠯᠭᠠᠨ ᠨᠡᠮᠡᠭᠳᠡᠭᠦᠯᠵᠡᠢ ᠃ ᠡᠭᠦᠨ ᠤ ᠬᠠᠮᠲᠤ᠂ ᠬᠤᠷᠰᠢᠶ᠎ᠠ  ᠠᠴᠠ ᠤᠯᠠᠷᠢᠯ ᠤᠨ ᠴᠢᠨᠠᠷᠲᠠᠢ ᠠᠵᠢᠯᠴᠢᠨ ᠬᠡᠷᠡᠭᠯᠡᠬᠦ ᠠᠵᠢᠯ ᠤᠨ ᠪᠠᠶᠢᠷᠢ 630᠂ ᠲᠣᠭᠲᠠᠮᠠᠯ ᠠᠵᠢᠯᠴᠢᠨ ᠬᠡᠷᠡᠭᠯᠡᠬᠦ ᠠᠵᠢᠯ ᠤᠨ ᠪᠠᠶᠢᠷᠢ 30 ᠬᠠᠩᠭᠠᠵᠤ᠂ ᠳᠠᠷᠢᠬᠤ ᠡᠷᠦᠬᠡ ᠶᠢᠨ ᠬᠥᠮᠥᠨ ᠳᠤᠮᠳᠠᠴᠢ ᠶᠢᠨ ᠵᠢᠯ ᠤᠨ ᠣᠷᠣᠯᠭ᠎ᠠ 6000 ᠲᠥᠭᠦᠷᠢᠭ ᠠᠴᠠ ᠳᠡᠭᠡᠭᠰᠢ ᠪᠣᠯᠪᠠ᠃      ᠳᠥᠷᠪᠡ᠂ ᠬᠡᠯᠬᠢᠶᠡᠵᠢᠭᠦᠯᠦᠨ ᠬᠥᠭᠵᠢᠭᠦᠯᠵᠦ᠂ ᠠᠵᠤ ᠦᠢᠯᠡᠰ ᠤᠨ ᠠᠭᠤᠰᠤᠯᠴᠠᠯ ᠤᠨ ᠰᠢᠨ᠎ᠡ ᠲᠠᠪᠴᠠᠩ ᠢ ᠪᠦᠲᠦᠭᠡᠨ ᠪᠠᠶᠢᠭᠤᠯᠪᠠ      ᠬᠤᠷᠰᠢᠶ᠎ᠠ ᠨᠢ ᠬᠥᠭᠵᠢᠯᠲᠡ ᠶᠢᠨ ᠣᠶᠢᠯᠠᠭᠠᠭᠳᠠᠬᠤᠨ ᠤ ᠰᠢᠨ᠎ᠡ ᠶᠢ ᠡᠭᠦᠳᠴᠦ ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠲᠠᠪᠴᠠᠩ ᠢ ᠴᠢᠷᠮᠠᠶᠢᠨ ᠴᠣᠭᠴᠠᠯᠠᠪᠠ᠃ ᠣᠳᠣᠬᠠᠨ ᠳᠤ᠂ ᠨᠢᠭᠡᠨᠲᠡ ᠪᠤᠰᠤᠳ 6 ᠬᠤᠷᠰᠢᠶ᠎ᠠ᠂ 1 ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠪᠠ 30 ᠭᠠᠷᠤᠢ ᠲᠠᠷᠢᠶᠠᠴᠢᠨ ᠡᠷᠦᠬᠡ ᠲᠠᠢ ᠬᠤᠯᠪᠤᠭᠠᠯᠠᠨ᠂ ᠯᠠᠨ ᠸᠧᠢ ᠰᠧ ᠲᠦᠨ᠂ ᠰᠢᠨ ᠫᠦ᠋ ᠯᠣᠸ᠂ ᠰᠢᠤᠸᠠᠢ ᠴᠤᠸᠠᠨ ᠵᠡᠷᠭᠡ ᠲᠥᠮᠥᠰᠥ ᠪᠣᠯᠪᠠᠰᠤᠷᠠᠭᠤᠯᠬᠤ ᠠᠵᠤ ᠠᠬᠤᠶᠢᠯᠠᠯ ᠲᠠᠢ ᠲᠣᠭᠲᠠᠪᠤᠷᠢᠲᠠᠢ ᠵᠠᠬᠢᠶᠠᠯᠠᠭ᠎ᠠ ᠶᠢᠨ ᠴᠢᠨᠠᠷᠲᠠᠢ ᠳᠠᠷᠢᠬᠤ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠳᠠᠷᠢᠬᠤ ᠡᠷᠦᠬᠡ ᠶᠢᠨ ᠮᠦ ᠪᠦᠷᠢ ᠳᠤ 800 ᠲᠥᠭᠦᠷᠢᠭ ᠠᠴᠠ ᠳᠡᠭᠡᠭᠰᠢ ᠲᠣᠭᠲᠠᠪᠤᠷᠢᠲᠠᠢ ᠠᠰᠢᠭ ᠣᠯᠵᠠᠪᠤᠷᠢ ᠲᠠᠢ ᠪᠠᠶᠢᠬᠤ ᠶᠢ ᠪᠠᠲᠤᠯᠠᠭᠰᠠᠨ ᠪᠠᠶᠢᠨ᠎ᠠ᠃ 2021 ᠣᠨ ᠳᠤ᠂ ᠬᠤᠷᠰᠢᠶ᠎ᠠ ᠨᠢ ᠬᠠᠮᠲᠤᠷᠠᠯᠴᠠᠭᠠᠨ ᠤ ᠬᠠᠨᠢᠲᠠᠨ ᠲᠠᠢ ᠪᠠᠨ ︽ᠥᠪᠥᠷ ᠮᠣᠩᠭᠤᠯ ᠤᠨ ᠴᠡᠪᠡᠷ ᠬᠥᠷᠥᠰᠥ︾ ᠶᠢᠨ ᠨᠠᠷᠠᠲᠤ ᠲᠡᠮᠳᠡᠭᠲᠦ ᠶᠢ ᠡᠭᠦᠳᠴᠦ᠂ ᠬᠠᠮᠲᠤᠪᠠᠷ 1400 ᠲᠦᠮᠡᠨ ᠲᠥᠭᠦᠷᠢᠭ ᠭᠠᠷᠭᠠᠵᠤ ᠲᠦᠮᠡᠨ ᠲᠣᠨ ᠤ ᠣᠳᠣᠬᠢᠴᠢᠯᠠᠭᠰᠠᠨ ᠰᠢᠨ᠎ᠡ ᠰᠣᠷᠭᠤᠭ ᠬᠠᠳᠠᠭᠠᠯᠠᠬᠤ ᠬᠥᠮᠥᠷᠭᠡ ᠶᠢ ᠪᠠᠶᠢᠭᠤᠯᠵᠤ᠂ ᠲᠥᠮᠥᠰᠥ ᠨᠥᠭᠡᠴᠡᠯᠡᠬᠦ ᠬᠤᠭᠤᠴᠠᠭ᠎ᠠ ᠶᠢ 6 ᠰᠠᠷ᠎ᠠ ᠠᠴᠠ 9 ᠰᠠᠷ᠎ᠠ ᠪᠣᠯᠭᠠᠨ ᠤᠷᠲᠤᠳᠬᠠᠵᠤ᠂ ᠤᠯᠠᠷᠢᠯ ᠰᠥᠷᠴᠦ ᠪᠣᠷᠣᠯᠠᠭᠤᠯᠬᠤ ᠪᠠ ᠵᠠᠬ᠎ᠠ ᠳᠡᠯᠭᠡᠭᠦᠷ ᠲᠤ ᠲᠡᠩᠴᠡᠭᠦᠷᠢᠲᠡᠢ ᠭᠠᠷᠭᠠᠬᠤ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠲᠦᠭᠰᠢᠭᠦᠷᠢ ᠶᠢ ᠪᠠᠭᠤᠷᠠᠭᠤᠯᠤᠨ᠂ ᠪᠦᠲᠦᠭᠡᠭᠳᠡᠬᠦᠨ ᠤ ᠦᠨ᠎ᠡ ᠥᠰᠬᠦ ᠨᠣᠷᠮ᠎ᠠ ᠶᠢ ᠳᠡᠭᠡᠭᠰᠢᠯᠡᠭᠦᠯᠪᠡ᠃      ᠲᠠᠪᠤ ᠂ ᠨᠢᠭᠡᠳᠬᠡᠬᠦ ᠰᠠᠯᠭᠠᠬᠤ ᠶᠢ ᠤᠶᠠᠯᠳᠤᠭᠤᠯᠵᠤ ᠂ ᠬᠤᠷᠰᠢᠶ᠎ᠠ ᠶᠢᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠪᠡ      ᠪᠦᠷᠢᠯᠳᠦᠭᠦᠨ ᠪᠠ ᠪᠤᠰᠤᠳ ᠲᠠᠷᠢᠮᠠᠯ ᠤᠨ ᠡᠷᠦᠬᠡ ᠶᠢᠨ ᠢᠳᠡᠪᠬᠢᠵᠢᠯ ᠢ ᠳᠠᠶᠢᠴᠢᠯᠠᠬᠤ ᠶᠢᠨ ᠲᠥᠯᠥᠭᠡ᠂ ︽ᠮᠠᠩᠵᠠᠨ ᠲᠣᠭᠤᠭᠠᠨ ᠠᠴᠠ ᠪᠤᠳᠠᠭ᠎ᠠ ᠢᠳᠡᠬᠦ︾ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠷᠰᠢᠶ᠎ᠠ ᠠᠴᠠ ᠨᠢᠭᠡᠳᠦᠯᠲᠡᠢ ᠲᠣᠬᠢᠷᠠᠭᠤᠯᠬᠤ᠂ ᠲᠠᠷᠢᠮᠠᠯ ᠢ ᠡᠷᠦᠬᠡ ᠬᠤᠪᠢᠶᠠᠨ ᠬᠠᠮᠢᠶᠠᠷᠬᠤ ᠵᠠᠭᠪᠤᠷ ᠢ ᠠᠪᠴᠤ᠂ ᠠᠷᠠᠯᠵᠢᠶᠠᠨ ᠤ ᠬᠡᠮᠵᠢᠶ᠎ᠡ ᠪᠠᠷ ᠠᠰᠢᠭ ᠬᠤᠪᠢᠶᠠᠬᠤ ᠬᠠᠷᠢᠴᠠᠯ ᠢ ᠨᠡᠮᠡᠭᠳᠡᠭᠦᠯᠦᠨ᠂ ᠵᠢᠵᠢᠭ ᠲᠠᠷᠢᠶᠠᠴᠢᠨ ᠡᠷᠦᠬᠡ ᠶᠢ ᠨᠥᠯᠥᠭᠡᠯᠡᠨ ᠳᠠᠶᠢᠴᠢᠯᠠᠬᠤ ᠮᠥᠷᠲᠡᠭᠡᠨ ᠵᠢᠵᠢᠭ ᠲᠠᠷᠢᠶᠠᠴᠢᠨ ᠡᠷᠦᠬᠡ ᠶᠢ ᠪᠦᠯᠬᠦᠮᠳᠡᠭᠦᠯᠦᠨ ᠬᠥᠭᠵᠢᠭᠦᠯᠬᠦ᠂ ᠣᠷᠣᠭᠤᠯᠤᠯᠲᠠ ᠶᠢ ᠪᠠᠭᠤᠷᠠᠭᠤᠯᠬᠤ᠂ ᠠᠰᠢᠭ ᠣᠷᠣᠯᠭ᠎ᠠ ᠶᠢ ᠨᠡᠮᠡᠭᠳᠡᠭᠦᠯᠬᠦ ᠵᠣᠷᠢᠯᠭ᠎ᠠ ᠶᠢ ᠦᠨᠡᠨ ᠬᠦ ᠪᠡᠶᠡᠯᠡᠭᠦᠯᠪᠡ᠃ ᠣᠳᠣᠬᠠᠨ ᠳᠤ᠂ ᠨᠢᠭᠡᠨᠲᠡ 20 ᠭᠠᠷᠤᠢ ᠳᠤᠮᠳᠠ ᠵᠢᠵᠢᠭ ᠲᠠᠷᠢᠶᠠᠴᠢᠨ ᠡᠷᠦᠬᠡ ᠣᠷᠣᠯᠴᠠᠵᠤ᠂ ᠳ᠋ᠠ ᠾᠸᠢ ᠾᠧ ᠰᠢᠶᠠᠩ  ᠲᠤ ᠭᠡ ᠮᠦ  ᠶᠢᠨ ᠵᠠᠰᠠᠭ ᠵᠠᠬᠢᠷᠭᠠᠨ ᠤ ᠲᠣᠰᠬᠤᠨ ᠤ ᠡᠷᠬᠢᠨ ᠲᠣᠭᠤᠷᠢᠨ ᠳᠤ  ᠦᠪᠡᠷᠲᠡᠭᠡᠨ ᠪᠡᠯᠡ ᠣᠷᠣᠭᠤᠯᠵᠤ ᠦᠪᠡᠷᠲᠡᠭᠡᠨ ᠪᠠᠶᠢᠭᠤᠯᠤᠭᠰᠠᠨ 20 ᠭᠠᠷᠤᠢ ᠪᠠᠷᠢᠮᠵᠢᠶᠠᠵᠢᠭᠤᠯᠤᠭᠰᠠᠨ ᠲᠠᠷᠢᠮᠠᠯ ᠤᠨ ᠲᠠᠯᠠᠪᠠᠶ ᠶᠢ ᠢᠳᠡᠭ ᠢᠳᠡᠭ ᠢᠶᠠᠷ ᠪᠠᠶᠢᠭᠤᠯᠵᠤ ᠂ ᠲᠥᠮᠥᠰᠥ ᠪᠠ ᠪᠤᠰᠤᠳ ᠲᠠᠷᠢᠮᠠᠯ ᠢ ᠨᠢᠭᠡᠳᠦᠯᠲᠡᠢ ᠪᠠᠷᠢᠮᠵᠢᠶᠠᠵᠢᠭᠤᠯᠤᠨ ᠳᠠᠷᠢᠵᠤ᠂ ᠨᠢᠭᠡᠳᠦᠯᠲᠡᠢ ᠪᠠᠷᠢᠮᠵᠢᠶ᠎ᠠ ᠪᠠᠷ ᠪᠣᠷᠣᠯᠠᠭᠤᠯᠬᠤ ᠶᠢ ᠪᠡᠶᠡᠯᠡᠭᠦᠯᠵᠦ᠂ ᠤᠯᠠᠭᠠᠨᠴᠠᠪ ᠬᠤᠲᠠ ᠶᠢᠨ ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠮ ᠰᠦᠪᠡᠭᠴᠢᠯᠡᠨ᠂ ᠥᠯᠢᠭᠡᠷ ᠳᠠᠭᠤᠷᠢᠶᠠᠯ ᠦᠵᠡᠭᠦᠯᠦᠭᠰᠡᠨ ᠪᠠᠶᠢᠨ᠎ᠠ᠃
图片2.png 
    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号