ᠲᠦᠮᠡᠳ ᠵᠡᠭᠦᠨ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠲᠣᠭᠤᠷᠢᠭ ᠤᠨ 3200 ᠮᠦ ᠪᠣᠷᠣ ᠴᠠᠷᠭᠠᠰᠤ ᠡᠯᠪᠡᠭ ᠬᠤᠷᠢᠶᠠᠯᠲᠠ ᠣᠯᠣᠯ᠎ᠠ
ᠨᠡᠶᠢᠲᠡᠯᠡᠭᠰᠡᠨ ᠴᠠᠭ᠄
2023/8/1
      ᠣᠳᠣ ᠪᠣᠯ ᠶᠠᠭ ᠪᠣᠷᠣ ᠴᠠᠷᠭᠠᠰᠤ ᠶᠢ ᠬᠠᠳᠤᠵᠤ ᠬᠤᠷᠢᠶᠠᠬᠤ ᠲᠦᠷᠦᠭᠦᠦ ᠡᠭᠡᠯᠵᠢ ᠶᠢᠨ ᠬᠤᠭᠤᠴᠠᠭ᠎ᠠ ᠪᠣᠯᠣᠨ᠎ᠠ᠂ ᠪᠣᠷᠣ ᠴᠠᠷᠭᠠᠰᠤ ᠶᠢᠨ ᠤᠷᠭᠤᠯᠲᠠ ᠶᠢᠨ ᠦᠶᠡᠯᠡᠯ ᠤᠨ ᠬᠤᠭᠤᠴᠠᠭ᠎ᠠ 28 ᠡᠳᠦᠷ ᠪᠠᠶᠢᠵᠤ ᠵᠢᠯ ᠪᠦᠷᠢ ᠶᠢᠨ 6 ᠰᠠᠷ᠎ᠠ ᠠᠴᠠ 10 ᠰᠠᠷ᠎ᠠ ᠶᠢᠨ ᠬᠤᠭᠤᠷᠣᠨᠳᠤ 4 ᠤᠳᠠᠭ᠎ᠠ ᠬᠠᠳᠤᠵᠤ ᠬᠤᠷᠢᠶᠠᠳᠠᠭ᠃ ᠭᠦᠭᠡᠬᠤᠲᠠ ᠶᠢᠨ ᠲᠦᠮᠡᠳ ᠵᠡᠭᠦᠨ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠲᠣᠭᠤᠷᠢᠭ ᠤᠨ 3200 ᠮᠦ ᠪᠣᠷᠣ ᠴᠠᠷᠭᠠᠰᠤ ᠡᠯᠪᠡᠭ ᠬᠤᠷᠢᠶᠠᠯᠲᠠ ᠣᠯᠵᠤ᠂ ᠣᠳᠣᠬᠢᠴᠢᠯᠠᠭᠰᠠᠨ ᠬᠠᠳᠤᠵᠤ ᠬᠤᠷᠢᠶᠠᠬᠤ ᠮᠠᠰᠢᠨ ᠡᠩᠨᠡᠷᠡᠨ ᠶᠤᠭᠤᠵᠤ ᠬᠥᠬᠡᠷᠡᠨ ᠨᠣᠭᠤᠭᠠᠷᠠᠬᠤ ᠪᠣᠷᠣ ᠴᠠᠷᠭᠠᠰᠤ ᠶᠢ ᠬᠠᠳᠤᠵᠤ ᠬᠤᠷᠢᠶᠠᠬᠤ ᠬᠠᠷᠠᠭᠳᠠᠨ᠎ᠠ᠃      ︽ᠪᠣᠷᠣ ᠴᠠᠷᠭᠠᠰᠤ ᠪᠣᠯ ︿ᠰᠥᠯ ᠰᠠᠶᠢᠲᠠᠢ ᠲᠡᠵᠢᠭᠡᠯ ᠡᠪᠡᠰᠦᠨ ᠤ ᠸᠠᠩ ﹀ ᠭᠡᠰᠡᠨ ᠴᠣᠯᠠ ᠲᠠᠢ ᠶᠤᠮ᠂ ᠲᠡᠭᠦᠨ  ᠤ ᠤᠭᠤᠷᠠᠭ ᠤᠨ ᠠᠭᠤᠯᠤᠭᠳᠠᠴᠠ 20% ᠶᠢ ᠳᠠᠪᠠᠵᠤ᠂ ᠰᠠᠭᠠᠯᠢ ᠶᠢᠨ ᠦᠨᠢᠶ᠎ᠡ ᠳᠤ ᠲᠣᠬᠢᠷᠠᠬᠤ ᠰᠥᠯ ᠰᠠᠶᠢᠲᠠᠢ ᠲᠡᠵᠢᠭᠡᠯ ᠡᠪᠡᠰᠦᠨ ᠤ ᠲᠥᠷᠥᠯ ᠵᠦᠢᠯ ᠪᠣᠯᠣᠨ᠎ᠠ︾ ᠭᠡᠵᠦ ᠬᠠᠳᠤᠵᠤ ᠬᠤᠷᠢᠶᠠᠬᠤ ᠲᠤᠬᠠᠢ ᠶᠢᠨ ᠲᠠᠯᠠᠪᠤᠷ ᠲᠤ ᠲᠦᠮᠡᠳ ᠵᠡᠭᠦᠨ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠣᠷᠣᠨ ᠤ ᠲᠠᠷᠢᠮᠠᠯ ᠤᠨ ᠰᠠᠭᠤᠷᠢᠨ ᠤ ᠬᠠᠷᠢᠭᠤᠴᠠᠯᠭᠠᠲᠠᠨ ᠲᠠᠨᠢᠯᠴᠠᠭᠤᠯᠪᠠ᠃ ᠭᠦᠭᠡᠬᠤᠲᠠ ᠶᠢ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠲᠦᠮᠡᠳ ᠵᠡᠭᠦᠨ ᠬᠤᠰᠢᠭᠤ ᠲᠠᠷᠢᠶᠠᠯᠠᠩ ᠤᠨ ᠲᠣᠮᠣ ᠬᠤᠰᠢᠭᠤ ᠪᠣᠯᠤᠭᠰᠠᠨ ᠤ ᠬᠤᠪᠢ ᠪᠠᠷ ᠣᠷᠣᠨ ᠤ ᠲᠥᠪ ᠤᠨ ᠰᠦ ᠶᠢᠨ ᠦᠢᠯᠡᠰ  ᠢ ᠬᠥᠭᠵᠢᠭᠦᠯᠦᠨ ᠮᠠᠨᠳᠤᠭᠤᠯᠬᠤ ᠪᠠᠲᠤ ᠲᠦᠰᠢᠭ ᠪᠣᠯᠵᠤ᠂ ᠡᠨᠡ ᠵᠢᠯ ᠪᠦᠭᠦ ᠬᠤᠰᠢᠭᠤᠨ ᠤ ᠬᠡᠪᠴᠢᠶᠡᠨ ᠳᠤ ᠨᠡᠶᠢᠳᠡ 2.75 ᠲᠦᠮᠡᠨ ᠮᠦ ᠰᠥᠯ ᠰᠠᠶᠢᠲᠠᠢ ᠴᠠᠷᠭᠠᠰᠤ ᠲᠠᠷᠢᠵᠤ᠂ ᠵᠢᠯ ᠤᠨ ᠬᠥᠬᠡ ᠡᠪᠡᠰᠦᠨ ᠤ ᠤᠨᠠᠯᠳᠠ ᠶᠢᠨ ᠬᠡᠮᠵᠢᠶ᠎ᠡ ᠨᠢ 5.5 ᠲᠦᠮᠡᠨ ᠲᠤᠨ ᠳᠤ ᠬᠦᠷᠬᠦ ᠪᠣᠯᠣᠨ᠎ᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号