ᠬᠡᠷᠡᠭᠯᠡᠬᠦ ᠶᠢ ᠴᠠᠭᠠᠵᠠᠯᠠᠭᠰᠠᠨ ᠵᠢᠭᠠᠰᠤᠨ ᠤ ᠡᠮ ᠪᠠ ᠲᠡᠭᠦᠨ ᠤ ᠬᠤᠣᠷ ᠬᠥᠨᠥᠭᠡᠯ
ᠨᠡᠶᠢᠲᠡᠯᠡᠭᠰᠡᠨ ᠴᠠᠭ᠄
2023/8/1
      ᠬᠡᠷᠡᠭᠯᠡᠬᠦ ᠶᠢ ᠴᠠᠭᠠᠵᠠᠯᠠᠭᠰᠠᠨ ᠵᠢᠭᠠᠰᠤᠨ ᠤ ᠡᠮ ᠭᠡᠳᠡᠭ ᠨᠢ ᠤᠯᠤᠰ ᠠᠴᠠ ᠦᠢᠯᠡᠳᠪᠦᠷᠢᠯᠡᠬᠦ ᠂ ᠪᠣᠷᠣᠯᠠᠭᠤᠯᠬᠤ ᠪᠠ ᠬᠡᠷᠡᠭᠯᠡᠬᠦ ᠶᠢ ᠴᠠᠭᠠᠵᠠᠯᠠᠭᠰᠠᠨ ᠵᠢᠭᠠᠰᠤᠨ ᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠳᠤ ᠬᠡᠷᠡᠭᠯᠡᠬᠦ ᠵᠢᠭᠠᠰᠤᠨ ᠤ ᠡᠮ ᠢ ᠵᠢᠭᠠᠵᠤ ᠪᠠᠶᠢᠨ᠎ᠠ ᠃ ᠦᠷᠭᠦᠯᠵᠢ ᠬᠠᠷᠠᠭᠳᠠᠳᠠᠭ ᠨᠢ ᠭᠤᠣᠯᠳᠠᠭᠤ ᠾᠯᠤᠷᠤᠮᠢᠼᠢᠨ᠂ ᠲᠣᠭᠤᠰ ᠴᠢᠯᠠᠭᠤᠨ ᠤ ᠨᠣᠭᠤᠭᠠᠨ᠂ ᠨᠢᠲᠷᠤ᠋ ᠹᠦᠷᠠᠨ᠂ ᠠᠽᠣᠲ ᠬᠦᠴᠢᠯ ᠤᠨ ᠳᠤᠲᠠᠭᠤ ᠮᠥᠩᠭᠦᠨ ᠤᠰᠤ᠂ ᠯᠢᠤ  ᠯᠢᠤ ᠯᠢᠤ ᠂ ᠲᠠᠪᠤᠨ ᠾᠯᠣᠷᠲᠤ ᠹᠧᠨᠤᠯᠳᠤ ᠨᠠᠲᠷᠢ᠂ ᠺᠤᠶᠢᠨᠣᠯᠢᠨ ᠡᠲ᠋ᠠᠨᠤᠯ᠂ ᠴᠠᠭᠠᠷᠢᠭ ᠫᠷᠦᠫᠢᠯᠲᠦ ᠡᠯᠡᠰᠦᠨ ᠭᠠᠷᠠᠭ᠂ ᠡᠲ᠋ᠧᠨᠢᠯ ᠡᠮ᠎ᠡ ᠹᠧᠨᠤᠯᠳᠤ ᠵᠡᠷᠭᠡ ᠪᠣᠯᠣᠨ᠎ᠠ᠃ ᠬᠡᠷᠡᠭᠯᠡᠬᠦ ᠶᠢ ᠴᠠᠭᠠᠵᠠᠯᠠᠭᠰᠠᠨ ᠵᠢᠭᠠᠰᠤᠨ ᠤ ᠡᠮ ᠨᠢ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠳᠤ ᠲᠤᠶᠢᠯ ᠤᠨ ᠶᠡᠭᠡ ᠬᠤᠣᠷ ᠬᠥᠨᠥᠭᠡᠯ ᠲᠠᠢ ᠪᠠᠶᠢᠵᠤ ᠂ ᠬᠥᠮᠥᠰ ᠤᠨ ᠡᠷᠡᠭᠦᠯ ᠮᠡᠨᠳᠦ ᠶᠢ ᠳᠠᠮ ᠢᠶᠠᠷ ᠰᠦᠷᠳᠡᠭᠦᠯᠳᠡᠭ ᠂ ᠾᠯᠤᠷᠤᠮᠢᠼᠢᠨ ᠨᠢ ᠬᠥᠮᠥᠨ ᠤ ᠴᠢᠰᠤ ᠪᠦᠲᠦᠭᠡᠬᠦ ᠴᠢᠳᠠᠪᠤᠷᠢ ᠶᠢ ᠬᠤᠷᠢᠭᠯᠠᠵᠤ ᠂ ᠬᠠᠷᠰᠢᠮᠠᠲᠠᠭᠠᠢ ᠤᠷᠪᠠᠯ ᠡᠭᠦᠰᠬᠡᠵᠦ ᠂ ᠳᠠᠬᠢᠨ  ᠲᠦᠯᠵᠢᠬᠦ ᠰᠠᠭᠠᠲᠠᠯ ᠤᠨ ᠴᠢᠨᠠᠷᠲᠠᠢ ᠴᠢᠰᠤ ᠳᠤᠲᠠᠬᠤ ᠪᠠᠶᠢᠳᠠᠯ ᠢ ᠡᠭᠦᠰᠬᠡᠳᠡᠭ ᠂ ᠹᠦᠷᠠᠨᠽᠤᠯᠺᠧᠲ᠋ᠤᠨ ᠤ ᠦᠯᠡᠳᠡᠭᠳᠡᠯ ᠨᠢ ᠬᠥᠮᠥᠨ ᠤ ᠴᠢᠰᠤ ᠬᠠᠶᠢᠯᠬᠤ ᠴᠢᠨᠠᠷᠲᠠᠢ ᠴᠢᠰᠤ ᠳᠤᠲᠠᠬᠤ ᠂ ᠣᠯᠠᠨ ᠡᠭᠦᠰᠬᠦ ᠴᠢᠨᠠᠷᠲᠠᠢ ᠮᠡᠳᠡᠷᠡᠯ ᠤᠨ ᠦᠷᠪᠢᠰᠦᠯ ᠂ ᠨᠢᠳᠦᠨ ᠤ ᠬᠡᠰᠡᠭ ᠤᠨ ᠭᠡᠮᠲᠦᠯ ᠪᠠ ᠲᠦᠷᠭᠡᠨ ᠴᠢᠨᠠᠷᠲᠠᠢ ᠡᠯᠢᠭᠡᠨ ᠤ ᠦᠬᠦᠵᠢᠯ ᠵᠡᠷᠭᠡ ᠶᠢ ᠡᠭᠦᠰᠬᠡᠳᠡᠭ ᠃ ᠲᠣᠭᠤᠰ ᠴᠢᠯᠠᠭᠤ ᠶᠢᠨ ᠨᠣᠭᠤᠭᠠᠨ ᠥᠩᠭᠡ ᠨᠢ ᠴᠠᠶᠢᠷ ᠢ ᠭᠦᠢᠴᠡᠳ ᠠᠭᠤᠰᠬᠠᠵᠤ᠂ ᠤᠰᠤᠨ ᠤ ᠠᠮᠢᠲᠠᠨ ᠤ ᠲᠦᠷᠭᠡᠨ ᠴᠢᠨᠠᠷᠲᠠᠢ ᠴᠠᠶᠢᠷ ᠲᠤ ᠬᠤᠣᠷᠳᠠᠭᠳᠠᠬᠤ ᠶᠢ ᠡᠭᠦᠰᠬᠡᠳᠡᠭ᠂ ᠲᠡᠷᠡ ᠨᠢ ᠪᠠᠰᠠ ᠨᠢᠭᠡ ᠵᠦᠢᠯ ᠤᠨ ᠥᠮᠡᠨ ᠡᠭᠦᠰᠬᠡᠵᠦ ᠵᠡᠷᠡᠮᠳᠡᠭ ᠪᠣᠯᠭᠠᠬᠤ ᠡᠮ ᠪᠠᠶᠢᠵᠤ᠂ ᠬᠥᠮᠥᠨ ᠲᠥᠷᠥᠯᠬᠢᠲᠡᠨ ᠳᠤ ᠨᠢᠭᠤᠭᠳᠠᠮᠠᠯ ᠬᠤᠣᠷ ᠬᠥᠨᠥᠭᠡᠯ ᠢ ᠪᠣᠶ ᠪᠣᠯᠭᠠᠳᠠᠭ᠃ ᠺᠤᠶᠢᠨᠣᠯᠢᠨ ᠡᠲ᠋ᠢᠯ ᠠᠯᠺᠣᠣᠯ ᠢ ᠣᠷᠳᠣ ᠬᠤᠭᠤᠴᠠᠭ᠎ᠠ ᠪᠠᠷ ᠬᠡᠷᠡᠭᠯᠡᠪᠡᠯ ᠤᠰᠤᠨ ᠠᠮᠢᠲᠠᠨ ᠤ ᠡᠯᠢᠭᠡ ᠶᠢ ᠡᠪᠳᠡᠨ᠂ ᠤᠰᠤᠨ ᠠᠮᠢᠲᠠᠨ ᠢ ᠦᠬᠦᠭᠦᠯᠳᠡᠭ᠃      ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠡᠷᠦᠬᠡ  ᠨᠦᠭᠦᠳ ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠳ ᠡᠩ ᠤᠨ ᠵᠢᠭᠠᠰᠤᠨ ᠡᠮ ᠬᠢᠭᠡᠳ ᠴᠠᠭᠠᠵᠠᠲᠠᠢ ᠵᠢᠭᠠᠰᠤᠨ ᠡᠮ ᠤᠨ ᠢᠯᠭᠠᠭ᠎ᠠ ᠶᠢ ᠲᠣᠳᠣᠷᠬᠠᠢ ᠢᠯᠭᠠᠵᠤ ᠂ ᠥᠷᠭᠡᠨ ᠤᠯᠠᠨ ᠬᠡᠷᠡᠭᠯᠡᠭᠴᠢᠳ ᠵᠢᠴᠢ ᠲᠤᠰ ᠪᠡᠶ᠎ᠡ ᠶᠢᠨ ᠡᠷᠡᠭᠦᠯ ᠮᠡᠨᠳᠦ ᠶᠢᠨ ᠠᠮᠤᠷ ᠲᠦᠪᠰᠢᠨ ᠤ ᠲᠤᠰᠠᠳᠠ ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠶᠠᠪᠤᠴᠠ ᠳᠤ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ  ᠶᠠᠰᠤ ᠴᠢᠨᠠᠷ ᠤᠨ ᠠᠶᠤᠯ ᠦᠭᠡᠢ ᠶᠢᠨ ᠬᠠᠤᠯᠢ ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠬᠡᠷᠡᠭᠯᠡᠬᠦ ᠶᠢ ᠴᠠᠭᠠᠵᠠᠯᠠᠭᠰᠠᠨ ᠵᠢᠭᠠᠰᠤᠨ ᠤ ᠡᠮ ᠢ ᠬᠡᠷᠡᠭᠯᠡᠬᠦ ᠶᠢ ᠲᠠᠰᠤ ᠵᠣᠭᠰᠤᠭᠠᠬᠤ ᠬᠡᠷᠡᠭᠲᠡᠢ ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号