ᠪᠦᠬᠦ ᠣᠷᠣᠨ ᠤ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠵᠢᠴᠢ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠪᠠᠶᠠᠨᠨᠠᠭᠤᠷ ᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/8/10
1.jpg
           ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠤᠯᠤᠰ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ 8 ᠰᠠᠷ᠎ᠠ ᠶᠢᠨ 9 ᠤ ᠡᠳᠦᠷ᠂ ᠪᠥᠬᠦ ᠣᠷᠣᠨ ᠤ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠵᠢᠴᠢ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠪᠠᠶᠠᠨᠨᠠᠭᠤᠷ ᠬᠤᠲᠠ ᠳᠤ ᠬᠤᠷᠠᠯᠳᠤᠪᠠ᠂ ᠡᠯ᠎ᠡ ᠭᠠᠵᠠᠷ ᠤᠨ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠢ ᠲᠦᠯᠬᠢᠨ ᠠᠬᠢᠭᠤᠯᠤᠭᠰᠠᠨ ᠠᠷᠭ᠎ᠠ ᠬᠢᠳᠡᠯ ᠲᠤᠷᠰᠢᠯᠭ᠎ᠠ ᠪᠠᠨ ᠰᠣᠯᠢᠯᠴᠠᠨ ᠳ᠋ᠦᠩᠨᠡᠵᠦ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠤᠨ ᠪᠠᠶᠢᠷᠢᠯᠠᠭᠤᠯᠵᠤ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠳᠤ ᠬᠦᠴᠦ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ ᠣᠷᠣᠯᠴᠠᠵᠠᠢ᠃
2.jpg
       ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠠᠩᠭᠢᠨ ᠬᠤᠶᠢᠲᠤ ᠬᠤᠰᠢᠭᠤᠨ ᠤ ᠰᠢ ᠮᠧᠩ ᠲᠠᠷᠢᠮᠠᠯ ᠤᠨ ᠦᠢᠯᠡᠰ ᠤᠨ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠤᠷᠰᠢᠯᠲᠠ ᠶᠢᠨ ᠣᠷᠣᠨ ᠂ ᠱᠠ ᠬᠠᠢ ᠪᠠᠯᠭᠠᠰᠤᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠥᠨᠳᠥᠷ ᠤᠨᠠᠯᠲᠠ ᠶᠢᠨ ᠣᠷᠣᠨ ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠠᠰᠢᠨ ᠤ ᠦᠵᠡᠭᠦᠯᠭᠡ ᠶᠢᠨ ᠣᠷᠣᠨ ᠵᠡᠷᠭᠡ 4 ᠵᠢᠱᠢᠶ᠎ᠡ ᠦᠵᠡᠭᠦᠯᠬᠦ ᠣᠷᠣᠨ ᠤ ᠦᠵᠡᠭᠦᠯᠭᠡ ᠶᠢᠨ ᠴᠡᠭ ᠢ ᠲᠤᠬᠠᠢ ᠶᠢᠨ ᠲᠠᠯᠠᠪᠤᠷ ᠲᠤ ᠲᠣᠭᠤᠷᠢᠨ ᠦᠵᠡᠪᠡ ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠸᠠᠩ ᠺᠧ ᠷᠦ ︽ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠶᠢᠨ ᠮᠡᠷᠭᠡᠵᠢᠯ ᠢ ᠣᠨᠣᠪᠴᠢᠲᠠᠶ ᠲᠣᠬᠢᠷᠠᠭᠤᠯᠤᠨ ᠡᠵᠡᠮᠳᠡᠶ᠎ᠡ︾ ᠭᠡᠬᠦ ᠰᠡᠳᠦᠪ ᠢᠶᠠᠷ ᠪᠣᠯᠪᠠᠰᠤᠷᠠᠯ ᠬᠢᠵᠦ᠂ ᠪᠠᠶᠠᠨᠨᠠᠭᠤᠷ ᠬᠤᠳᠠ ᠶᠢᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ ᠤᠨ ᠳᠡᠯᠭᠡᠷᠡᠭᠦᠯᠬᠦ ᠰᠤᠳᠤᠯᠤᠭᠴᠢ ᠮᠠ ᠵᠢᠶᠦ᠋ᠨ ᠴᠧᠩ ᠪᠣᠯᠣᠨ ᠲᠦᠩᠯᠢᠶᠣᠣ ᠬᠤᠳᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠯᠭᠡᠷᠡᠭᠦᠯᠬᠦ ᠰᠤᠳᠤᠯᠤᠭᠴᠢ ᠮᠧᠢ ᠶᠤᠸᠠᠨ ᠰᠢᠤᠸᠠᠢ ᠮᠡᠷᠭᠡᠵᠢᠯ ᠤᠨ ᠰᠣᠯᠢᠯᠴᠠᠭᠠᠨ ᠤ ᠶᠠᠷᠢᠶ᠎ᠠ ᠲᠠᠯᠪᠢᠵᠤ ᠂ ᠪᠠᠶᠠᠨᠨᠠᠭᠤᠷ ᠬᠤᠳᠠ ᠂ ᠬᠢᠩᠭᠠᠨ ᠠᠶᠢᠮᠠᠭ ᠪᠣᠯᠣᠨ ᠬᠠᠩᠭᠢᠨ ᠬᠤᠶᠢᠲᠤ ᠬᠤᠰᠢᠭᠤ ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠂ ᠵᠠᠯᠠᠶᠢᠳ ᠬᠤᠰᠢᠭᠤ ᠵᠡᠷᠭᠡ 2 ᠠᠶᠢᠮᠠᠭ ᠬᠤᠳᠠ 3 ᠬᠤᠰᠢᠭᠤ ᠰᠢᠶᠠᠨ ᠰᠣᠯᠢᠯᠴᠠᠭᠠᠨ ᠤ ᠶᠠᠷᠢᠶ᠎ᠠ ᠲᠠᠯᠪᠢᠵᠠᠢ ᠃
3.jpg
       ᠬᠤᠷᠠᠯ ᠠᠴᠠ ᠂ ᠣᠳᠣᠬᠠᠨ ᠳᠤ ᠪᠦᠬᠦ ᠣᠷᠣᠨ ᠤ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ ᠤᠨ ᠪᠠᠶᠢᠳᠠᠯ ᠨᠡᠯᠢᠶᠡᠳ ᠰᠠᠶᠢᠨ ᠪᠠᠶᠢᠵᠤ ᠂ ᠭᠤᠣᠯ ᠪᠣᠯᠬᠤ ᠠᠮᠤ ᠳᠤᠰᠤᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠮᠡᠳᠡᠭᠳᠡᠮ᠎ᠡ ᠦᠷ᠎ᠡ ᠪᠦᠲᠦᠮᠵᠢ ᠣᠯᠪᠠ ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠰᠢᠮ᠎ᠡ ᠶᠢᠨ ᠨᠥᠬᠦᠪᠦᠷᠢ ᠮᠥᠩᠭᠦ ᠶᠢ ᠨᠢᠭᠡᠳᠦᠯᠲᠡᠢ ᠲᠥᠯᠥᠪᠯᠡᠵᠦ᠂ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ᠂ ᠨᠡᠶᠢᠭᠡᠮᠴᠢᠯᠡᠭᠰᠡᠨ ᠦᠢᠯᠡᠴᠢᠯᠡᠭᠡ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠬᠤ ᠪᠠ ᠴᠢᠬᠤᠯᠠ ᠶᠡᠭᠡ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠵᠡᠷᠭᠡ ᠲᠥᠷᠥᠯ ᠵᠦᠢᠯ ᠤᠨ ᠪᠡᠯᠡ ᠮᠥᠩᠭᠦ ᠳᠤ ᠲᠦᠰᠢᠭᠯᠡᠨ 7.3 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠷ ᠪᠥᠬᠦ ᠣᠷᠣᠨ ᠤ 12 ᠠᠶᠢᠮᠠᠭ ᠬᠤᠲᠠ ᠶᠢᠨ 75 ᠬᠤᠰᠢᠭᠤ ᠰᠢᠶᠠᠨ ᠳᠤ 545.3 ᠲᠦᠮᠡᠨ ᠮᠦ ᠭᠤᠣᠯ ᠪᠣᠯᠬᠤ ᠠᠮᠤ ᠲᠣᠰᠣᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠪᠠᠶᠢᠭᠤᠯᠬᠤ ᠶᠢ ᠳᠡᠮᠵᠢᠬᠦ ᠪᠣᠯᠤᠨ᠎ᠠ᠃ᠣᠳᠣᠬᠠᠨ ᠳᠤ᠂ ᠮᠠᠨ ᠤ ᠣᠷᠣᠨ ᠤ ᠪᠤᠭᠤᠳᠠᠢ ᠶᠢᠨ ᠬᠤᠷᠢᠶᠠᠯᠲᠠ ᠨᠢᠭᠡᠨᠲᠡ 88 ᠲᠦᠮᠡᠨ ᠮᠦ ᠳᠤ ᠬᠦᠷᠴᠦ᠂ ᠪᠤᠭᠤᠳᠠᠢ ᠶᠢᠨ ᠭᠤᠣᠯ ᠭᠠᠷᠤᠯᠲᠠ ᠶᠢᠨ ᠣᠷᠣᠨ ᠤ ᠪᠠᠶᠠᠨᠨᠠᠭᠤᠷ ᠬᠤᠲᠠ ᠶᠢᠨ ᠮᠦ ᠪᠦᠷᠢ ᠶᠢᠨ ᠬᠠᠮᠤᠭ ᠤᠨ ᠥᠨᠳᠥᠷ ᠤᠨᠠᠯᠲᠠ  ᠨᠢ 683.46 ᠺᠢᠯᠣᠭ᠍ᠷᠠᠮ ᠳᠤ ᠬᠦᠷᠴᠦ᠂ ᠮᠠᠨ ᠤ ᠣᠷᠣᠨ ᠤ ᠪᠤᠭᠤᠳᠠᠢ ᠶᠢᠨ ᠮᠦ ᠪᠦᠷᠢ ᠶᠢᠨ ᠤᠨᠠᠯᠲᠠ ᠶᠢᠨ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠃ ᠪᠤᠰᠤᠳ ᠲᠠᠷᠢᠮᠠᠯ ᠤᠨ ᠤᠷᠭᠤᠴᠠ ᠬᠦᠮᠦᠰ ᠢ ᠪᠠᠶᠠᠷᠯᠠᠭᠤᠯᠤᠮ᠎ᠠ ᠪᠠᠶᠢᠵᠤ᠂ ᠡᠷᠳᠡᠨᠢ ᠰᠢᠰᠢ ᠵᠠᠯᠭᠠᠪᠡᠷ ᠢᠳᠡᠭᠡ ᠬᠤᠷᠠᠬᠤ ᠬᠤᠭᠤᠴᠠᠭᠠᠨ ᠳᠤ ᠣᠷᠣᠵᠤ᠂ ᠰᠢᠷ᠎ᠠ ᠪᠤᠷᠴᠠᠭ ᠬᠤᠩᠭᠤᠷᠴᠤᠭᠯᠠᠨ ᠮᠦᠬᠦᠯᠢᠭᠵᠢᠬᠦ ᠬᠤᠭᠤᠴᠠᠭᠠᠨ ᠳᠤ ᠣᠷᠣᠵᠤ᠂ ᠲᠥᠮᠥᠰᠥ ᠶᠢᠨ ᠲᠥᠮᠥᠰᠦᠯᠢᠭ ᠡᠰᠢ ᠲᠣᠮᠣᠷᠠᠬᠤ ᠬᠤᠭᠤᠴᠠᠭᠠᠨ ᠳᠤ ᠣᠷᠣᠵᠤ᠂ ᠤᠰᠤᠨ ᠲᠤᠲᠤᠷᠭ᠎ᠠ ᠵᠠᠯᠭᠠᠪᠡᠷ ᠢᠳᠡᠭᠡ ᠬᠤᠷᠠᠬᠤ ᠬᠤᠭᠤᠴᠠᠭᠠᠨ ᠳᠤ ᠣᠷᠣᠵᠤ᠂ ᠪᠥᠬᠦ ᠣᠷᠣᠨ ᠤ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠳᠤ ᠰᠠᠭᠤᠷᠢ ᠲᠠᠢ ᠪᠣᠯᠪᠠ ᠭᠡᠵᠦ ᠵᠢᠭᠠᠵᠤ ᠭᠠᠷᠭᠠᠪᠠ ᠃
4.jpg
5.jpg
       ᠬᠤᠷᠠᠯ ᠠᠴᠠ ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠪᠣᠯ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠣᠨ᠎ᠠ ᠂ ᠠᠮᠤ ᠪᠤᠳᠠᠭᠠᠨ ᠤ ᠠᠮᠤᠷ ᠲᠦᠪᠰᠢᠨ ᠳᠤ ᠬᠤᠯᠪᠣᠭᠳᠠᠵᠤ ᠂ ᠬᠤᠷᠢᠶᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠳᠤ ᠬᠤᠯᠪᠣᠭᠳᠠᠨ᠎ᠠ ᠂ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ︽ ᠲᠤᠷᠰᠢᠯᠲᠠ ᠶᠢᠨ ᠲᠠᠷᠢᠶᠠᠨ ᠤ ᠤᠨᠠᠯᠲᠠ ︾  ᠶᠢ ︽ ᠲᠣᠮᠣ ᠲᠠᠷᠢᠶᠠᠨ ᠤ ᠤᠨᠠᠯᠲᠠ ︾ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ ᠂ ᠠᠮᠤ ᠪᠤᠳᠠᠭᠠᠨ ᠤ ᠡᠯᠪᠡᠭ ᠬᠤᠷᠢᠶᠠᠯᠲᠠ ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠪᠠᠲᠤᠯᠠᠬᠤ ᠬᠡᠷᠡᠭᠲᠡᠢ ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠬᠦ ᠲᠠᠯ᠎ᠠ ᠪᠠᠷ ᠂ ᠣᠳᠣᠬᠠᠨ ᠤ ᠲᠠᠷᠢᠮᠠᠯ ᠤᠨ ᠵᠦᠢᠯ ᠤᠨ ᠦᠷᠡᠵᠢᠯ ᠤᠨ ᠠᠬᠢᠴᠠ ᠶᠢᠨ ᠪᠠᠭ᠋ᠠᠨ ᠣᠷᠦ᠋ᠢᠲᠠᠭᠰᠠᠨ ᠲᠠᠷᠢᠮᠠᠯ ᠢ ᠭᠤᠣᠯᠳᠠᠯᠭ᠎ᠠ ᠲᠠᠢ ᠠᠩᠬᠠᠷᠴᠤ ᠂ ︽ ᠨᠢᠭᠡ ᠰᠦᠷᠴᠢᠯᠲᠡ ᠪᠠᠷ ᠤᠯᠠᠨ ᠢ ᠠᠬᠢᠭᠤᠯᠬᠤ ︾ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ ᠂ ᠡᠷᠲᠡ ᠪᠣᠯᠪᠠᠰᠤᠷᠠᠬᠤ ᠶᠢ ᠠᠬᠢᠭᠤᠯᠬᠤ ᠡᠷᠲᠡ ᠬᠢᠷᠠᠭᠤ ᠤᠨᠠᠬᠤ ᠰᠡᠷᠭᠡᠶᠢᠯᠡᠬᠦ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ ᠃ ᠮᠡᠷᠭᠡᠵᠢᠯ ᠤᠨ ᠵᠢᠯᠣᠭᠤᠳᠤᠯᠭ᠎ᠠ ᠦᠢᠯᠡᠴᠢᠯᠡᠭᠡ ᠶᠢ ᠴᠢᠩᠭᠠᠳᠬᠠᠬᠤ ᠲᠠᠯ᠎ᠠ ᠪᠠᠷ ᠂ ᠡᠯ᠎ᠡ ᠭᠠᠵᠠᠷ ᠤᠨ ᠬᠢᠨ ᠲᠤᠰᠬᠠᠢ ᠮᠡᠷᠭᠡᠵᠢᠯᠲᠡᠨ ᠤ ᠪᠦᠯᠬᠦᠮ ᠳᠤ ᠲᠦᠰᠢᠭᠯᠡᠨ᠂ ᠡᠭᠦᠯᠳᠡᠷ ᠪᠣᠶᠢᠵᠢᠭᠤᠯᠬᠤ᠂ ᠳᠠᠷᠢᠵᠤ ᠪᠣᠶᠢᠵᠢᠭᠤᠯᠬᠤ᠂ ᠤᠷᠭᠤᠮᠠᠯ ᠤᠨ ᠬᠠᠮᠠᠭᠠᠯᠠᠯᠲᠠ᠂ ᠬᠦᠷᠦᠰᠦ ᠰᠢᠷᠣᠢ ᠶᠢᠨ ᠪᠣᠷᠳᠣᠭᠤᠷ᠂ ᠲᠠᠷᠢᠶᠠᠯᠠᠩ ᠤᠨ ᠮᠠᠰᠢᠨ᠂ ᠮᠡᠳᠡᠭᠡ ᠵᠠᠩᠭᠢᠵᠢᠯᠲᠠ ᠵᠡᠷᠭᠡ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠪᠥᠬᠦ ᠶᠠᠪᠤᠴᠠ᠂ ᠪᠥᠬᠦ ᠭᠤᠭᠴᠤᠭ᠎ᠠ ᠶᠢᠨ ᠬᠠᠮᠲᠤᠷᠠᠭᠰᠠᠨ ᠵᠢᠯᠣᠭᠤᠳᠤᠯᠭ᠎ᠠ ᠦᠢᠯᠡᠴᠢᠯᠡᠭᠡ ᠶᠢ ᠬᠡᠷᠡᠭᠵᠢᠭᠦᠯᠬᠦ ᠬᠡᠷᠡᠭᠲᠡᠢ᠃ ᠥᠨᠳᠥᠷ ᠪᠦᠲᠦᠮᠵᠢᠲᠡᠶ ᠲᠠᠷᠢᠶᠠᠯᠠᠩ ᠤᠨ ᠮᠠᠰᠢᠨ ᠲᠣᠨᠣᠭᠯᠠᠯ ᠢ ᠢᠵᠢ ᠪᠦᠷᠢᠳᠦᠭᠦᠯᠬᠦ ᠲᠠᠯ᠎ᠠ ᠪᠠᠷ ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠮᠦᠩᠭᠦ ᠥᠭᠬᠦ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠡᠭᠡᠳᠦ ᠲᠠᠰ ᠤᠨ᠂ ᠲᠣᠮᠣ ᠬᠡᠯᠪᠡᠷᠢ ᠶᠢᠨ᠂ ᠣᠶᠤᠨᠴᠢ ᠬᠡᠯᠪᠡᠷᠢ ᠶᠢᠨ ᠮᠠᠰᠢᠨ ᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠵᠦ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠢ ᠃ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠬᠡᠪᠡᠷ ᠳᠡᠯᠭᠡᠷᠡᠭᠦᠯᠬᠦ ᠲᠠᠯ᠎ᠠ ᠪᠠᠷ ᠂ ᠡᠯ᠎ᠡ ᠭᠠᠵᠠᠷ ᠤᠨ  ᠬᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠵᠤ᠂ ᠥᠪᠡᠷ ᠤᠨ ᠥᠷᠲᠡᠭ᠂ ᠠᠶᠤᠯ ᠲᠦᠭᠰᠢᠭᠦᠷᠢ ᠶᠢ ᠪᠠᠭᠤᠷᠠᠭᠤᠯᠤᠨ᠂ ᠤᠨᠠᠯᠲᠠ  ᠶᠢ ᠨᠡᠮᠡᠭᠳᠡᠭᠦᠯᠵᠦ᠂ ᠠᠰᠢᠭ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠨᠡᠶᠢᠲᠡᠯᠢᠭ ᠵᠢᠱᠢᠶ᠎ᠡ ᠶᠢ ᠠᠭᠤᠳᠠᠯᠤᠨ ᠤᠬᠠᠭᠤᠯᠬᠤ ᠲᠠᠯ᠎ᠠ ᠪᠠᠷ ᠂ ᠲᠠᠯᠠᠪᠠᠢ ᠨᠢᠭᠡᠴᠢ ᠶᠢᠨ ᠤᠨᠠᠯᠲᠠ ᠠᠴᠠ ᠰᠠᠯᠵᠤ ᠲᠠᠯᠠᠪᠠᠢ ᠨᠢᠭᠡᠴᠢ ᠶᠢᠨ ᠤᠨᠠᠯᠲᠠ ᠶᠢ ᠠᠳᠬᠤᠵᠤ ᠂ ᠬᠢᠯᠠᠰ ᠴᠡᠭ ᠢ ᠠᠳᠬᠤᠬᠤ ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠪᠠᠷ ᠳᠠᠮᠵᠢᠭᠤᠯᠵᠤ ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ ᠣᠳᠣᠬᠢᠴᠢᠯᠠᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠬᠤ ᠬᠡᠷᠡᠭᠲᠡᠢ ᠃ ᠡᠭᠦᠨ ᠤ ᠬᠠᠮᠲᠤ ᠲᠠᠷᠢᠶᠠᠯᠠᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠂ ᠡᠯ᠎ᠡ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠮᠠᠯ ᠤᠨ ᠦᠢᠯᠡᠰ ᠤᠨ ᠬᠤᠪᠢᠳᠠᠨ ᠬᠠᠮᠢᠶᠠᠷᠬᠤ ᠲᠣᠪᠴᠢᠶ᠎ᠠ ᠶᠢᠨ ᠳᠠᠷᠤᠭ᠎ᠠ ᠂ ᠰᠠᠯᠠᠭᠠᠨ ᠳᠠᠷᠤᠭ᠎ᠠ ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ︵ ᠬᠤᠪᠢᠳᠠᠨ ᠬᠠᠮᠢᠶᠠᠷᠬᠤ ︶  ᠶᠢᠨ ᠡᠷᠬᠢᠯᠡᠭᠴᠢ ᠵᠡᠷᠭᠡ 100 ᠭᠠᠷᠤᠢ ᠬᠥᠮᠥᠨ ᠬᠤᠷᠠᠯ ᠳᠤ ᠣᠷᠣᠯᠴᠠᠪᠠ ᠃
6.jpg
 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号