ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠲᠤ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠲᠣᠪᠣᠶᠢᠮ᠎ᠠ ᠠᠰᠠᠭᠤᠳᠠᠯ ᠤᠨ ᠪᠡᠷᠬᠡ ᠰᠡᠳᠦᠪ ᠢ ᠰᠢᠢᠳᠪᠦᠷᠢᠯᠡᠵᠦ ᠵᠠᠰᠠᠬᠤ ᠠᠵᠢᠯᠯᠠᠬᠤ ᠳᠤᠭᠤᠶᠢᠯᠠᠩ ᠤᠯᠠᠭᠠᠨᠬᠠᠳᠠ ᠳᠤ ᠬᠦᠷᠴᠦ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2023/8/10
      8 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠲᠣᠪᠣᠶᠢᠮ᠎ᠠ ᠠᠰᠠᠭᠤᠳᠠᠯ ᠤᠨ ᠪᠡᠷᠬᠡ ᠰᠡᠳᠦᠪ ᠢ ᠰᠢᠢᠳᠪᠦᠷᠢᠯᠡᠵᠦ ᠵᠠᠰᠠᠬᠤ ᠳᠠᠭᠠᠭᠠᠴᠢᠯᠠᠯᠲᠠ ᠶᠢᠨ ᠳᠤᠭᠤᠶᠢᠯᠠᠩ ᠤᠯᠠᠭᠠᠨᠬᠠᠳᠠ ᠳᠤ ᠬᠦᠷᠴᠦ ᠱᠠᠯᠠᠪᠳᠠᠭᠤᠯᠤᠨ ᠵᠢᠯᠤᠭᠤᠳᠴᠤ ᠪᠠᠶᠢᠴᠠᠭᠠᠨ ᠰᠤᠳᠤᠯᠤᠯᠲᠠ ᠬᠢᠪᠡ᠃ ᠠᠵᠢᠯᠯᠠᠬᠤ ᠳᠤᠭᠤᠶᠢᠯᠠᠩ ᠤᠨ ᠳᠡᠳ᠋ ᠭᠠᠵᠠᠷ ᠤᠨ ᠳᠠᠷᠤᠭ᠎ᠠ ᠰᠠᠴᠤᠷᠠᠩᠭᠤᠢ ᠨᠠᠷ ᠤᠷᠢᠳ ᠬᠤᠵᠢᠳ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠪᠠᠯᠭᠠᠰᠤ ᠂ ᠬᠤᠩᠱᠠᠨ ᠲᠣᠭᠤᠷᠢᠭ ᠤᠨ ᠸᠧᠨᠵᠦ᠋ᠩ ᠪᠠᠯᠭᠠᠰᠤᠨ ᠳᠤ ᠬᠦᠷᠴᠦ ᠂ ᠲᠤᠬᠠᠢ ᠶᠢᠨ ᠭᠠᠵᠠᠷ ᠲᠤᠨᠢ ᠬᠦᠷᠴᠦ ᠲᠠᠷᠢᠶᠠᠴᠢᠨ ᠡᠷᠦᠬᠡ ᠶᠢ ᠰᠤᠷᠪᠤᠯᠵᠢᠯᠠᠬᠤ ᠂ ᠲᠠᠷᠢᠶᠠᠨ ᠡᠮ ᠤᠨ ᠳᠡᠯᠭᠡᠭᠦᠷ ᠢ ᠪᠠᠶᠢᠴᠠᠭᠠᠬᠤ ᠂ ᠠᠵᠢᠯ ᠤᠨ ᠡᠬᠡ ᠳᠠᠩᠰᠠ ᠶᠢ ᠪᠠᠶᠢᠴᠠᠭᠠᠨ ᠦᠵᠡᠬᠦ ᠵᠡᠷᠭᠡ ᠪᠠᠷ ᠳᠠᠮᠵᠢᠨ ᠂ ᠤᠷᠲᠤ ᠪᠤᠷᠴᠠᠭ ᠤᠨ ᠡᠮ ᠬᠡᠷᠡᠭᠯᠡᠬᠦ ᠂ ᠪᠠᠷᠢᠮᠵᠢᠶ᠎ᠠ ᠶᠢ ᠤᠬᠠᠭᠤᠯᠬᠤ ᠂ ᠲᠠᠷᠢᠶᠠᠨ ᠡᠮ ᠢ ᠬᠠᠮᠢᠶᠠᠷᠬᠤ ᠪᠠ ᠦᠯᠢᠭᠡᠷ ᠡᠳ᠋ ᠠᠪᠴᠤ ᠰᠢᠯᠭᠠᠨ ᠪᠠᠶᠢᠴᠠᠭᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠰᠤᠷᠪᠤᠯᠵᠢᠯᠠᠬᠤ ᠶᠠᠪᠤᠴᠠ ᠳᠤ ᠰᠠᠴᠤᠷᠠᠩᠭᠤᠢ ᠤᠷᠲᠤ ᠪᠤᠷᠴᠠᠭ ᠳᠠᠷᠢᠬᠤ ᠡᠷᠦᠬᠡ ᠳᠤ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠵᠢᠯᠣᠭᠤᠳᠤᠯᠭ᠎ᠠ ᠬᠢᠵᠦ᠂ ᠵᠢᠩᠬᠢᠨᠢ ᠠᠷᠭ᠎ᠠ ᠵᠠᠮ ᠢᠶᠠᠷ ᠲᠠᠷᠢᠶᠠᠨ ᠡᠮ ᠬᠤᠳᠠᠯᠳᠤᠨ ᠠᠪᠴᠤ᠂ ᠡᠮ ᠬᠡᠷᠡᠭᠯᠡᠭᠰᠡᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠢ︔ ᠤᠷᠲᠤ ᠪᠤᠷᠴᠠᠭ ᠤᠨ ᠪᠦᠲᠦᠭᠡᠭᠳᠡᠬᠦᠨ ᠢ ᠲᠠᠷᠢᠶᠠᠨ ᠡᠮ ᠤᠨ ᠠᠶᠤᠯ ᠦᠭᠡᠢ ᠠᠯᠤᠰᠯᠠᠬᠤ ᠬᠤᠭᠤᠴᠠᠭ᠎ᠠ ᠶᠢ ᠥᠩᠭᠡᠷᠡᠭᠡᠭᠰᠡᠨ ᠤ ᠳᠠᠷᠠᠭ᠎ᠠ ᠰᠠᠶ᠋ᠢ ᠲᠡᠭᠦᠵᠦ ᠵᠠᠬ᠎ᠠ ᠳᠡᠯᠭᠡᠭᠦᠷ ᠲᠤ ᠭᠠᠷᠭᠠᠵᠤ ᠂ ᠡᠩ ᠤᠨ ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠬᠦ ᠠᠴᠠ ᠵᠠᠶᠢᠯᠠᠰᠬᠢᠬᠤ ᠬᠡᠷᠡᠭᠲᠡᠢ ᠭᠡᠵᠦ ᠴᠢᠬᠤᠯᠠᠴᠢᠯᠠᠪᠠ ᠃ ᠡᠭᠦᠨ ᠤ ᠬᠠᠮᠲᠤ ᠬᠤᠲᠠ ᠰᠢᠶᠠᠨ ᠰᠢᠶᠠᠩ ᠭᠤᠷᠪᠠᠨ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠷᠲᠤ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠪᠡᠷᠬᠡ ᠰᠡᠳᠦᠪ ᠢ ᠰᠢᠢᠳᠪᠦᠷᠢᠯᠡᠬᠦ ︽ᠳᠣᠯᠣᠭᠠᠨ ᠵᠦᠢᠯ ᠤᠨ ᠠᠷᠭ᠎ᠠ ᠬᠡᠮᠵᠢᠶ᠎ᠡ︾ ᠶᠢ ᠪᠦᠬᠦ ᠬᠦᠴᠦ ᠪᠠᠷ ᠢᠶᠠᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠭᠠᠷᠤᠭᠰᠠᠨ ᠤᠷᠲᠤ ᠪᠤᠷᠴᠠᠭ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃
图片1.png
图片2.png
图片3.png
       ᠣᠳᠣᠬᠠᠨ ᠳᠤ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢᠭᠡᠨᠲᠡ ᠤᠷᠭᠤᠮᠠᠯ ᠤᠨ ᠬᠠᠮᠠᠭᠠᠯᠠᠯᠲᠠ᠂  ᠪᠠᠶᠢᠴᠠᠭᠠᠨ ᠬᠡᠮᠵᠢᠯᠲᠡ ᠂ ᠬᠠᠤᠯᠢ ᠬᠡᠷᠡᠭᠵᠢᠭᠦᠯᠬᠦ ᠵᠡᠷᠭᠡ ᠬᠥᠮᠥᠰ ᠢ ᠵᠣᠬᠢᠶᠠᠨ ᠪᠠᠶᠢᠭᠤᠯᠤᠨ 3 ᠠᠵᠢᠯᠯᠠᠬᠤ ᠳᠤᠭᠤᠶᠢᠯᠠᠩ ᠪᠠᠶᠢᠭᠤᠯᠵᠤ᠂ ︽ᠣᠷᠳᠣ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠲᠣᠪᠣᠶᠢᠮ᠎ᠠ ᠠᠰᠠᠭᠤᠳᠠᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠵᠠᠰᠠᠬᠤ ᠳᠠᠭᠠᠭᠠᠴᠢᠯᠠᠯᠲᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 12 ᠬᠤᠰᠢᠭᠤ ᠰᠢᠶᠠᠨ ᠲᠣᠭᠤᠷᠢᠭ ᠢ ᠪᠥᠬᠦ ᠶᠠᠪᠤᠴᠠ ᠳᠤ ᠱᠠᠯᠠᠪᠳᠠᠭᠤᠯᠤᠨ ᠵᠢᠯᠤᠭᠤᠳᠴᠤ ᠪᠠᠶᠢᠭᠠᠳ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠣᠷᠳᠣ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠲᠣᠪᠣᠶᠢᠮ᠎ᠠ ᠠᠰᠠᠭᠤᠳᠠᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠵᠠᠰᠠᠬᠤ ᠶᠢ ᠰᠢᠯᠭᠠᠨ ᠬᠢᠨᠠᠬᠤ ᠨᠠᠷᠢᠨ ᠳᠦᠷᠢᠮ︾ ᠢ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠬᠤ ᠶᠢᠨ ᠬᠠᠮᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠴᠦ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠦᠷᠨᠢᠭᠦᠯᠵᠦ ᠪᠤᠢ ᠃
图片4.png
图片5.png 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号