ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠵᠢᠴᠢ ᠰᠡᠷᠭᠡᠶᠢᠯᠡᠬᠦ ᠠᠷᠭ᠎ᠠ ᠪᠣᠳᠣᠯᠭ᠎ᠠ
ᠨᠡᠶᠢᠲᠡᠯᠡᠭᠰᠡᠨ ᠴᠠᠭ᠄
2023/8/10
      ᠲᠥᠪ ᠤᠨ ᠴᠠᠭ ᠠᠭᠤᠷ ᠤᠨ ᠬᠤᠷᠢᠶᠠᠨ ᠤ ᠵᠢᠱᠢᠯᠲᠡ ᠪᠠᠷ᠂ ᠲᠠᠶᠢᠹᠧᠩ ᠰᠠᠯᠬᠢ ︽ ᠺᠠ ᠨᠦ ︾ ᠤᠳᠠᠯ ᠦᠭᠡᠢ ᠺᠣᠷᠢᠶᠠ ᠶᠢᠨ ᠡᠮᠦᠨᠡᠲᠦ ᠬᠡᠰᠡᠭ ᠤᠨ ᠲᠡᠯᠡᠶ ᠳᠠᠭᠠᠤ ᠣᠷᠣᠨ ᠢᠶᠠᠷ ᠬᠠᠭᠤᠷᠠᠢ ᠳᠤ ᠭᠠᠷᠴᠤ᠂ 12  ᠤᠨ ᠡᠳᠦᠷ ᠮᠠᠨ ᠤ ᠤᠯᠤᠰ ᠤᠨ ᠬᠢᠯᠢ ᠳᠤ ᠰᠢᠯᠵᠢᠨ ᠣᠷᠣᠬᠤ ᠪᠣᠯᠣᠨ᠎ᠠ᠃ ᠡᠨᠡ ᠰᠥᠨᠢ ᠠᠴᠠ 12  ᠤᠨ ᠡᠳᠦᠷ ᠪᠣᠯᠲᠠᠯ᠎ᠠ᠂ ᠲᠠᠶᠢᠹᠧᠩ ᠰᠠᠯᠬᠢ ︽ᠺᠠ ᠨᠦ ︾  ᠶᠢᠨ ᠨᠦᠯᠦᠭᠡᠯᠡᠯ ᠠᠴᠠ ᠪᠤᠯᠵᠤ ᠵᠡᠭᠦᠨ ᠬᠤᠶᠢᠲᠤ ᠣᠷᠣᠨ ᠳᠤ ᠨᠡᠯᠢᠶᠡᠳ ᠶᠡᠭᠡ ᠪᠣᠷᠣᠭᠠᠨ ᠣᠷᠣᠵᠤ᠂ ᠵᠡᠭᠦᠨ ᠬᠤᠶᠢᠲᠤ ᠣᠷᠣᠨ ᠳᠤ 15 ᠤ ᠡᠳᠦᠷ ᠤᠨ ᠡᠮᠦᠨ᠎ᠡ ᠬᠤᠶᠢᠨ᠎ᠠ ᠪᠣᠯᠲᠠᠯ᠎ᠠ ᠪᠣᠷᠣᠭᠠᠨ ᠣᠷᠤᠬᠤ ᠪᠣᠯᠤᠯᠴᠠᠭ᠎ᠠ ᠲᠠᠢ ᠃ ᠭᠠᠮᠰᠢᠭ ᠲᠠᠢ ᠴᠠᠭ ᠠᠭᠤᠷ ᠤᠨ ᠨᠥᠯᠥᠭᠡ ᠶᠢ ᠪᠦᠲᠦᠮᠵᠢᠲᠡᠶ ᠠᠷᠭᠠᠴᠠᠵᠤ᠂ ᠮᠠᠯ ᠠᠵᠤ ᠠᠬᠤᠢ ᠶᠢᠨ ᠬᠡᠪ ᠤᠨ ᠦᠢᠯᠡᠳᠪᠦᠷᠢᠯᠡᠯ ᠢ ᠪᠠᠲᠤᠯᠠᠬᠤ ᠶᠢᠨ ᠲᠤᠰᠠᠳᠠ᠂ ᠡᠯ᠎ᠡ ᠭᠠᠵᠠᠷ ᠤᠨ ᠬᠢᠨ ᠤᠷᠢᠳᠴᠢᠯᠠᠨ ᠰᠡᠷᠭᠡᠶᠢᠯᠡᠬᠦ ᠪᠠ ᠠᠷᠭᠠᠴᠠᠬᠤ ᠠᠵᠢᠯ ᠢ ᠰᠠᠶᠢᠲᠤᠷ ᠬᠢᠬᠦ ᠶᠢ ᠬᠦᠰᠡᠵᠦ ᠪᠠᠶᠢᠨ᠎ᠠ᠃       ᠰᠡᠷᠭᠡᠶᠢᠯᠡᠬᠦ ᠠᠷᠭ᠎ᠠ ᠪᠣᠳᠣᠯᠭ᠎ᠠ᠄      ᠨᠢᠭᠡ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠦᠨᠡᠨ ᠬᠦ ᠴᠢᠩᠭᠠᠳᠬᠠᠨ᠎ᠠ᠃ ᠴᠠᠭ ᠠᠭᠤᠷ ᠂ ᠪᠠᠴᠢᠮ ᠪᠠᠶᠢᠳᠠᠯ ᠢ ᠠᠷᠭᠠᠴᠠᠬᠤ ᠂ ᠳᠠᠭᠠᠳᠬᠠᠯ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠦᠨᠡᠨ ᠬᠦ ᠴᠢᠩᠭᠠᠳᠬᠠᠵᠤ ᠂ ︽ ᠺᠠ ᠨᠦ︾  ᠤᠨ ᠰᠢᠯᠵᠢᠬᠦ  ᠵᠠᠮ ᠢ ᠴᠢᠩᠭ᠎ᠠ ᠠᠩᠬᠠᠷᠴᠤ ᠂ ᠭᠠᠮᠰᠢᠭ ᠤᠨ ᠪᠠᠶᠢᠳᠠᠯ ᠤᠨ ᠬᠥᠭᠵᠢᠯᠲᠡ ᠶᠢ ᠨᠢᠭᠲᠠ ᠠᠩᠬᠠᠷᠴᠤ ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤ  ᠨᠢ ᠨᠡᠶᠢᠲᠡᠯᠡᠵᠦ ᠂ ᠰᠡᠷᠭᠡᠶᠢᠯᠡᠬᠦ ᠵᠢᠯᠣᠭᠤᠳᠤᠯᠭ᠎ᠠ ᠪᠠᠨ ᠴᠢᠩᠭᠠᠳᠬᠠᠵᠤ ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠬᠠᠮᠲᠤᠪᠠᠷ ᠰᠠᠶᠢᠲᠤᠷ ᠬᠢᠵᠦ ᠂ ᠬᠥᠮᠥᠨ ᠮᠠᠯ ᠤᠨ ᠠᠮᠤᠷ ᠲᠦᠪᠰᠢᠨ ᠢ  ᠦᠨᠡᠨ ᠬᠦ ᠪᠠᠲᠤᠯᠠᠵᠤ ᠂ ᠭᠠᠮᠰᠢᠭ ᠤᠨ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤ  ᠨᠢ ᠳᠡᠭᠡᠭᠰᠢ ᠮᠡᠳᠡᠭᠦᠯᠬᠦ ᠬᠡᠷᠡᠭᠲᠡᠢ ᠃       ᠬᠤᠶᠠᠷ ᠂ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠠᠶᠢᠴᠠᠭᠠᠯᠲᠠ ᠶᠢ ᠤᠷᠢᠳᠴᠢᠯᠠᠨ ᠵᠣᠬᠢᠶᠠᠨ ᠪᠠᠶᠢᠭᠤᠯᠵᠤ ᠂ ᠲᠡᠵᠢᠭᠡᠨ ᠦᠷᠡᠵᠢᠭᠦᠯᠬᠦ ᠪᠠᠷᠢᠯᠭ᠎ᠠ ᠶᠢᠨ ᠪᠡᠯᠡᠳᠬᠡᠮᠵᠢ ᠶᠢ ᠪᠠᠬᠢᠵᠢᠭᠦᠯᠦᠨ ᠂ ᠰᠡᠯᠪᠢᠨ ᠵᠠᠰᠠᠵᠤ ᠂ ᠮᠠᠯ ᠵᠢᠭᠦᠷᠲᠡᠨ ᠤ ᠲᠠᠯᠠᠪᠠᠢ ᠶᠢᠨ ᠤᠰᠤ ᠲᠠᠲᠠᠷᠠᠭᠤᠯᠬᠤ ᠰᠢᠰᠲ᠋ᠧᠮ ᠢ ᠴᠠᠭ ᠲᠤᠬᠠᠢ ᠲᠤ ᠨᠢ ᠴᠡᠪᠡᠷᠯᠡᠵᠦ ᠂ ᠤᠰᠤ ᠲᠠᠲᠠᠷᠠᠭᠤᠯᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ ᠃ ᠳᠣᠪᠣᠷᠬᠠᠭ ᠠᠭᠤᠯᠠᠷᠬᠠᠭ ᠣᠷᠣᠨ ᠤ ᠠᠭᠤᠯᠠ ᠶᠡᠭᠦᠷᠡᠬᠦ ᠪᠠ ᠬᠤᠲᠣᠭᠤᠷ ᠭᠠᠵᠠᠷ ᠣᠷᠣᠨ ᠤ ᠪᠣᠷᠣᠭᠠᠨ ᠤ ᠤᠰᠤ ᠭᠡᠳᠡᠷᠭᠦ ᠴᠢᠳᠬᠤᠬᠤ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠵᠦ᠂ ᠴᠢᠬᠤᠯᠠ ᠲᠠᠢ ᠦᠶ᠎ᠡ ᠳᠤ ᠮᠠᠯ ᠵᠢᠭᠦᠷᠲᠡᠨ ᠢ ᠤᠷᠢᠳᠴᠢᠯᠠᠨ ᠠᠮᠤᠷ ᠲᠦᠪᠰᠢᠨ ᠭᠠᠵᠠᠷ ᠲᠤ ᠰᠢᠯᠵᠢᠭᠦᠯᠦᠨ ᠲᠡᠵᠢᠭᠡᠨ᠎ᠡ᠃ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢᠨ ᠵᠣᠬᠢᠬᠤ ᠬᠡᠮᠵᠢᠶᠡᠨ ᠤ ᠲᠡᠵᠢᠭᠡᠯ ᠡᠪᠡᠰᠦ ᠲᠡᠵᠢᠭᠡᠯ ᠪᠣᠷᠳᠤᠭ᠎ᠠ᠂ ᠡᠮ ᠤᠨ ᠵᠦᠢᠯ ᠵᠢᠴᠢ ᠦᠶᠡᠷ ᠢ ᠰᠡᠷᠭᠡᠶᠢᠯᠡᠬᠦ ᠲᠥᠬᠦᠭᠡᠷᠦᠮᠵᠢ ᠵᠡᠷᠭᠡ ᠡᠳ᠋ ᠪᠠᠷᠠᠭ᠎ᠠ ᠶᠢ ᠨᠥᠭᠡᠴᠡᠯᠡᠬᠦ ᠶᠢ ᠵᠢᠯᠤᠭᠤᠳᠴᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠨᠥᠭᠡᠴᠡᠯᠡᠯᠲᠡ ᠭᠦᠢᠴᠡᠳ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠭᠤᠷᠪᠠ᠂ ᠮᠠᠯ ᠵᠢᠭᠦᠷᠲᠡᠨ ᠢ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠠᠮᠰᠢᠭ ᠤᠨ ᠳᠠᠷᠠᠭᠠᠬᠢ ᠤᠰᠤᠨ ᠰᠤᠷᠪᠤᠯᠵᠢ ᠶᠢᠨ ᠭᠠᠵᠠᠷ ᠂ ᠤᠤᠭᠤᠬᠤ ᠤᠰᠤᠨ ᠤ ᠬᠤᠳᠳᠤᠭ ᠪᠠ ᠤᠤᠭᠤᠬᠤ ᠤᠰᠤᠨ ᠤ ᠬᠤᠭᠤᠯᠠᠢ ᠶᠢᠨ ᠱᠤᠭᠤᠮ ᠤᠨ ᠠᠷᠢᠭᠤᠨ ᠴᠡᠪᠡᠷ ᠤᠨ ᠪᠠᠶᠢᠳᠠᠯ ᠢ ᠠᠩᠬᠠᠷᠴᠤ ᠂ ᠱᠠᠭᠠᠷᠳᠠᠯᠭ᠎ᠠ ᠶᠣᠰᠣᠭᠠᠷ ᠤᠤᠭᠤᠬᠤ ᠤᠰᠤᠨ ᠤ ᠠᠷᠢᠭᠤᠳᠬᠠᠯ ᠤᠨ ᠠᠵᠢᠯ ᠢ ᠥᠷᠨᠢᠭᠦᠯᠵᠦ ᠂ ᠤᠤᠭᠤᠬᠤ ᠤᠰᠤᠨ ᠤ ᠶᠠᠰᠤ ᠴᠢᠨᠠᠷ ᠤᠨ ᠠᠶᠤᠯᠭᠦᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠡᠵᠢᠭᠡᠯ ᠪᠣᠷᠳᠤᠭ᠎ᠠ ᠶᠢ ᠲᠡᠵᠢᠭᠡᠬᠦ ᠠᠴᠠ ᠪᠠᠨ ᠡᠮᠦᠨ᠎ᠡ ᠨᠠᠷᠢᠨ ᠨᠢᠮᠪᠠᠢ ᠪᠠᠶᠢᠴᠠᠭᠠᠵᠤ ᠂ ᠸᠠᠯᠠᠭᠰᠠᠨ ᠲᠡᠵᠢᠭᠡᠯ ᠪᠣᠷᠳᠤᠭ᠎ᠠ ᠪᠠᠷ ᠮᠠᠯ ᠵᠢᠭᠦᠷᠲᠡᠨ ᠢ ᠲᠡᠵᠢᠭᠡᠬᠦ ᠦᠭᠡᠢ ᠪᠠᠶᠢᠵᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ ᠃ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠲᠣᠬᠢᠷᠠᠭᠤᠯᠭ᠎ᠠ ᠶᠢ ᠰᠠᠶᠢᠲᠤᠷ ᠬᠢᠵᠦ᠂ ᠵᠠᠷᠢᠮ ᠣᠯᠠᠨ ᠬᠡᠮᠵᠢᠯᠲᠦ᠂ ᠴᠠᠬᠢᠯᠭᠠᠨ ᠵᠠᠳᠠᠯᠤᠭᠳᠠᠬᠤᠨ ᠵᠡᠷᠭᠡ ᠰᠡᠷᠡᠯᠵᠢᠯ ᠢ ᠡᠰᠡᠷᠭᠦᠴᠡᠬᠦ ᠡᠳ᠋ ᠵᠢᠴᠢ ᠡᠭᠡᠯᠢᠯᠡᠭᠡ ᠶᠢ ᠴᠢᠩᠭᠠᠷᠠᠭᠤᠯᠬᠤ ᠡᠳ᠋ ᠢ ᠵᠣᠬᠢᠰᠲᠠᠢ ᠨᠡᠮᠡᠵᠦ᠂ ᠰᠡᠷᠡᠯᠵᠢᠯ ᠤᠨ ᠤᠷᠪᠠᠯ ᠢ ᠪᠠᠭᠠᠰᠬᠠᠨ᠎ᠠ᠃      ᠳᠥᠷᠪᠡ ᠂ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠠᠵᠢᠯ ᠢ ᠰᠠᠶᠢᠲᠤᠷ ᠠᠳᠬᠤᠨ᠎ᠠ ᠃ ᠭᠠᠮᠰᠢᠭ ᠤᠨ ᠳᠠᠷᠠᠭ᠎ᠠ ᠰᠢᠪᠠᠷ ᠰᠢᠷᠣᠢ ᠂ ᠪᠠᠭᠠᠰᠤ ᠰᠢᠭᠡᠰᠦ ᠂ ᠡᠯᠳᠡᠪ ᠶᠠᠭᠤᠮ᠎ᠠ ᠵᠡᠷᠭᠡ ᠶᠢ ᠴᠠᠭ ᠲᠤᠬᠠᠢ ᠳᠤ  ᠨᠢ ᠴᠡᠪᠡᠷᠯᠡᠵᠦ ᠂ ᠮᠠᠯ ᠤᠨ ᠬᠠᠰᠢᠶ᠎ᠠ ᠰᠠᠷᠠᠪᠴᠢ ᠪᠠ ᠡᠷᠬᠢᠨ ᠲᠣᠭᠤᠷᠢᠨ ᠤ ᠦᠢᠯᠡᠳᠪᠦᠷᠢᠯᠡᠯ ᠤᠨ ᠣᠷᠴᠢᠨ ᠲᠣᠭᠤᠷᠢᠨ ᠢ ᠤᠬᠢᠶᠠᠵᠤ ᠂ ᠴᠠᠭ ᠲᠤᠬᠠᠢ ᠳᠤ  ᠨᠢ ᠠᠷᠢᠭᠤᠳᠬᠠᠨ ᠂ ᠰᠠᠯᠬᠢ ᠨᠠᠪᠲᠠᠷᠡᠭᠦᠯᠵᠦ ᠂ ᠣᠷᠴᠢᠨ ᠲᠣᠭᠤᠷᠢᠨ ᠤ ᠭᠠᠩ ᠬᠠᠭᠤᠷᠠᠢ ᠪᠠᠶᠢᠬᠤ ᠶᠢ ᠪᠠᠲᠤᠯᠠᠬᠤ ᠬᠡᠷᠡᠭᠲᠡᠢ ᠃ ᠦᠢᠯᠡᠳᠪᠦᠷᠢᠯᠡᠯ ᠤᠨ ᠬᠡᠷᠡᠭᠰᠡᠯ ᠢ ᠲᠣᠬᠢᠷᠠᠭᠤᠯᠤᠨ ᠲᠡᠭᠡᠭᠡᠪᠦᠷᠢᠯᠡᠬᠦ ᠠᠵᠢᠯ ᠢ ᠰᠠᠶᠢᠲᠤᠷ ᠬᠢᠵᠦ ᠂ ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢ ᠴᠠᠭ ᠲᠤᠬᠠᠢ ᠳᠤ  ᠨᠢ ᠰᠡᠯᠪᠢᠨ ᠵᠠᠰᠠᠨ᠎ᠠ ᠃ ᠭᠠᠮᠰᠢᠭᠳᠠᠭᠰᠠᠨ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ ᠂ ᠭᠠᠮᠰᠢᠭ ᠤᠨ ᠳᠠᠷᠠᠭᠠᠬᠢ ᠠᠷᠢᠭᠤᠳᠬᠠᠯ ᠪᠠ ᠦᠬᠦᠭᠰᠡᠨ ᠠᠮᠢᠲᠠᠨ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ ᠂ ᠭᠠᠮᠰᠢᠭ ᠤᠨ ᠳᠠᠷᠠᠭᠠᠬᠢ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠂ ᠬᠥᠮᠥᠨ ᠮᠠᠯ ᠳᠤ ᠪᠦᠷ ᠲᠤᠰᠳᠠᠭ ᠬᠠᠯᠳᠠᠪᠤᠷᠢᠲᠤ ᠡᠪᠡᠳᠴᠢᠨ ᠭᠡᠨᠡᠳᠲᠡ ᠳᠡᠯᠭᠡᠷᠡᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号